| Title |
ᠦᠪᠦᠷ ᠮᠣᠩᠭᠤᠯ ᠣᠷᠤᠨ ᠤ ᠮᠣᠩᠭᠤᠯ ᠤᠯᠤᠰ ᠲᠤ ᠬᠠᠨᠳᠤᠭᠤᠯᠤᠭᠰᠠᠨ ᠵᠠᠭᠤᠴᠢᠯᠠᠭᠤᠷ ᠤᠨ ᠲᠤᠬᠠᠢ ᠰᠢᠨᠵᠢᠯᠡᠭᠡ |
| Creator |
ᠦᠷᠡᠵᠢᠮᠢᠰ︔ ᠪᠦᠷᠢᠨᠪᠠᠶᠠᠷ |
| Keyword |
ᠭᠠᠵᠠᠡ ᠣᠷᠤᠨ ᠤ ᠨᠠᠮ ᠤᠨ ᠵᠠᠭᠤᠴᠢᠯᠠᠭᠤᠷ︔ 《 ᠭᠡᠷᠦᠯᠦᠨ》 ᠭᠠᠳᠠᠭᠠᠲᠤ ᠤᠬᠠᠭᠤᠯᠭ᠎ᠠ︔ ᠮᠣᠩᠭᠤᠯ ᠤᠯᠤᠰ |
| Abstract |
ᠦᠪᠦᠷ ᠮᠣᠩᠭᠤᠯ ᠣᠷᠤᠨ ᠤ ᠮᠣᠩᠭᠤᠯ ᠤᠯᠤᠰ ᠲᠤ ᠬᠠᠨᠳᠤᠭᠤᠯᠤᠭᠰᠠᠨ ᠵᠠᠭᠤᠴᠢᠯᠠᠭᠤᠷ ᠨᠢ 《 ᠰᠤᠯᠤᠩᠭ᠎ᠠ ᠮᠡᠳᠡᠭᠡᠯᠡᠯ ᠤᠨ ᠲᠦᠪ》᠂ 《 ᠲᠠᠯ ᠠ ᠶᠢᠨ ᠲᠠᠭᠤᠤ ᠬᠤᠭᠤᠯᠠᠢ》 ᠪᠠ 《 ᠮᠣᠩᠭᠤᠯ ᠣᠳᠤᠨ ᠲᠸᠯᠸᠢᠰ》 ᠮᠡᠲᠦ ᠶᠢᠨ ᠣᠷᠤᠨ ᠤ ᠲᠡᠰ ᠤᠨ ᠨᠠᠮ ᠤᠨ ᠵᠠᠭᠤᠴᠢᠯᠠᠭᠤᠷ ᠡᠴᠡ ᠭᠠᠳᠠᠨ᠎ᠠ ᠪᠠᠰᠠ ᠬᠦᠯᠦᠨ ᠪᠤᠢᠷ ᠬᠤᠲᠠ ᠶᠢᠨ 《 ᠭᠡᠷᠦᠯᠦᠨ》 ᠭᠠᠳᠠᠭᠠᠲᠤ ᠤᠬᠠᠭᠤᠯᠭ᠎ᠠ ᠵᠡᠷᠭᠡ ᠭᠠᠵᠠᠷ ᠣᠷᠤᠨ ᠤ ᠨᠠᠮ ᠤᠨ ᠵᠠᠭᠤᠴᠢᠯᠠᠭᠤᠷ ᠪᠤᠢ᠃《 ᠭᠡᠷᠦᠯᠦᠨ》 ᠭᠠᠳᠠᠭᠠᠲᠤ ᠤᠬᠠᠭᠤᠯᠭ᠎ᠠ ᠵᠡᠷᠭᠡ ᠭᠠᠵᠠᠷ ᠣᠷᠤᠨ ᠤ ᠨᠠᠮ ᠤᠨ ᠵᠠᠭᠤᠴᠢᠯᠠᠭᠤᠷ ᠪᠤᠢ᠃《 ᠭᠡᠷᠦᠯᠦᠨ》 ᠭᠠᠳᠠᠭᠠᠲᠤ ᠤᠬᠠᠭᠤᠯᠭ᠎ᠠ ᠪᠡᠷ ᠰᠣᠳᠤᠯᠤᠭᠳᠠᠬᠤᠨ ᠢᠢᠡᠨ ᠪᠣᠯᠭᠠᠵᠤ᠂ ᠲᠡᠭᠦᠨ ᠤ ᠬᠦᠭᠵᠢᠯᠲᠡ ᠶᠢᠨ ᠶᠠᠪᠤᠴᠠ᠂ ᠬᠢᠭᠰᠡᠨ ᠪᠤᠳᠠᠳᠤ ᠠᠵᠢᠯ ᠵᠢᠴᠢ ᠢᠷᠡᠭᠡᠳᠦᠢ ᠶᠢᠨ ᠬᠦᠭᠵᠢᠯᠲᠡ ᠶᠢᠨ ᠶᠠᠪᠤᠴᠠ ᠳ᠋ᠤ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠢ ᠰᠢᠨᠵᠢᠯᠡᠵᠦ ᠦᠵᠡᠬᠦ ᠳ᠋ᠤ᠂ ᠲᠡᠷᠡ ᠨᠢ ᠬᠦᠭᠵᠢᠯᠲᠡ ᠶᠢᠨ ᠶᠠᠪᠤᠴᠠ ᠳ᠋ᠤ ᠪᠠᠨ ᠮᠣᠩᠭᠤᠯ ᠤᠯᠤᠰ ᠤᠨ ᠲᠤᠷᠤᠨᠠᠳᠤ ᠠᠢᠮᠠᠭ ᠲᠤ ᠰᠢᠨ᠎ᠠ ᠪᠠᠷᠭᠤ ᠪᠠᠷᠠᠭᠤᠨ ᠬᠤᠰᠢᠭᠤᠨ ᠤ ᠰᠣᠷᠪᠤᠯᠵᠢᠯᠠᠭᠴᠢ ᠶᠢᠨ ᠦᠷᠲᠡᠭᠡ ᠵᠢ ᠪᠠᠢᠭᠤᠯᠵᠤ᠂ ᠮᠣᠩᠭᠤᠯ ᠤᠯᠤᠰ ᠲᠤ ᠬᠠᠨᠳᠤᠭᠤᠯᠤᠭᠰᠠᠨ ᠭᠠᠳᠠᠭᠠᠲᠤ ᠤᠬᠠᠭᠤᠯᠭ᠎ᠠ ᠶᠢᠨ ᠠᠵᠢᠯ ᠢᠢᠡᠨ ᠪᠦᠬᠦ ᠲᠠᠯ ᠠ ᠪᠡᠷ ᠲᠡᠯᠡᠨ ᠦᠷᠭᠡᠳᠭᠡᠭᠰᠡᠨ ᠪᠠᠢᠨ᠎ᠠ ᠭᠡᠳᠡᠭ ᠢ ᠮᠡᠳᠡᠵᠦ ᠪᠤᠯᠤᠨ᠎ᠠ᠃ |
| Original Literature |
No Original Paper
|
| 出自 |
中国蒙古学
2023年
第4期
|