Paper Information


Title ᠴᠢᠩ ᠤᠯᠤᠰ ᠤᠨ ᠮᠣᠩᠭᠤᠯ ᠸᠠᠩ ᠭᠦᠩ ᠤᠨ ᠦᠶ ᠠ ᠲᠠᠰᠤᠷᠠᠭᠰᠠᠨ ᠲᠤᠬᠢᠶᠠᠯᠳᠤᠯ ᠲᠤᠤᠷᠠᠬᠢ ᠵᠡᠷᠭᠡ ᠵᠠᠯᠭᠠᠮᠵᠢᠯᠠᠬᠤ ᠲᠦᠷᠢᠮ ᠶᠤᠰᠤ ᠵᠢ ᠲᠣᠷᠰᠢᠨ ᠦᠭᠦᠯᠡᠬᠦ ᠨᠢ
Creator ᠰᠢᠶᠠᠩ ᠯᠢᠶᠠᠨ
Keyword ᠮᠣᠩᠭᠤᠯ ᠸᠠᠩ ᠭᠦᠩ︔ ᠦᠷ ᠠ ᠲᠠᠰᠤᠷᠠᠭᠰᠠᠨ︔ ᠵᠡᠷᠭᠡ ᠵᠠᠯᠭᠠᠮᠵᠢᠯᠠᠬᠤ ᠲᠦᠷᠢᠮ
Abstract ᠴᠢᠩ ᠤᠯᠤᠰ ᠤᠨ ᠦᠶ ᠡ ᠳ᠋ᠤ ᠬᠤᠰᠢᠭᠤ ᠴᠢᠭᠤᠯᠭᠠᠨ ᠤ ᠲᠦᠷᠢᠮ ᠢ ᠬᠡᠷᠡᠭᠵᠢᠬᠦᠯᠵᠦ᠂ ᠮᠣᠩᠭᠤᠯ ᠸᠠᠩ ᠭᠦᠩ ᠳ᠋ᠤ ᠵᠡᠷᠭᠡ ᠭᠡᠷᠭᠡᠮ ᠣᠯᠭᠤᠵᠤ᠂ ᠦᠶ ᠠ ᠤᠯᠠᠷᠢᠨ ᠵᠠᠯᠭᠠᠮᠵᠢᠯᠠᠭᠤᠯᠵᠤ ᠪᠠᠢᠵᠠᠢ᠃ ᠬᠤᠰᠢᠭᠤ ᠴᠢᠭᠤᠯᠭᠠᠨ ᠤ ᠲᠦᠷᠢᠮ ᠤᠨ ᠴᠢᠬᠤᠯᠠ ᠪᠦᠷᠢᠯᠳᠦᠬᠦᠨ ᠪᠣᠯᠤᠭᠰᠠᠨ ᠮᠣᠩᠭᠤᠯ ᠸᠠᠩ ᠭᠦᠩ ᠨᠠᠷ ᠤᠨ ᠵᠡᠷᠭᠡ ᠵᠠᠯᠭᠠᠮᠵᠢᠯᠠᠬᠤ ᠲᠦᠷᠢᠮ ᠨᠢ ᠬᠦᠭᠵᠢᠯᠲᠡ ᠶᠢᠨ ᠶᠠᠪᠤᠴᠠ ᠳᠠᠭᠠᠨ ᠦᠪᠡᠷ ᠤᠨ ᠣᠨᠴᠠᠯᠢᠭ ᠲᠠᠢ ᠪᠤᠯᠵᠤ ᠨᠠᠷᠢᠨ ᠨᠢᠭᠲᠡ ᠲᠦᠷᠢᠮ ᠲᠤᠭᠲᠠᠭᠠᠯ ᠲᠠᠢ ᠪᠤᠯᠤᠭᠰᠠᠨ ᠪᠣᠯᠪᠠᠴᠤ᠂ ᠮᠦᠨ ᠡᠭᠦᠨ ᠡᠴᠡ ᠪᠤᠯᠵᠤ ᠤᠯᠠᠮ ᠪᠣᠳᠤᠯᠢᠶᠠᠨᠳᠠᠢ ᠪᠣᠯᠤᠭᠰᠠᠨ ᠶᠤᠮ᠃ ᠲᠤᠬᠠᠢᠯᠠᠪᠠᠯ ᠦᠷ ᠠ ᠲᠠᠰᠤᠷᠠᠭᠰᠠᠨ ᠮᠣᠩᠭᠤᠯ ᠸᠠᠩ ᠭᠦᠩ ᠳ᠋ᠤ ᠬᠡᠷᠬᠢᠨ ᠵᠡᠷᠭᠡ ᠵᠠᠯᠭᠠᠮᠵᠢᠯᠠᠭᠤᠯᠬᠤ ᠨᠢ ᠮᠣᠩᠭᠤᠯ ᠸᠠᠩ ᠭᠦᠩ ᠤᠨ ᠵᠡᠷᠭᠡ ᠵᠠᠭᠠᠯᠮᠵᠢᠯᠠᠬᠤ ᠲᠦᠷᠢᠮ ᠤᠨ ᠴᠢᠬᠤᠯᠠ ᠠᠭᠤᠯᠭ᠎ᠠ ᠪᠣᠯᠤᠭᠰᠠᠮ ᠮᠦᠷᠲᠡᠭᠡᠨ ᠪᠤᠳᠤᠯᠢᠶᠠᠨᠲᠠᠢ ᠪᠤᠯᠤᠭᠰᠠᠨ ᠤ ᠬᠢᠨᠢ ᠢᠯᠡᠷᠡᠯ ᠶᠤᠮ᠃ ᠲᠤᠰ ᠦᠭᠦᠯᠡᠯ ᠳ᠋ᠤ ᠴᠢᠩ ᠤᠯᠤᠰ ᠤᠨ ᠦᠶ ᠠ ᠳ᠋ᠤ ᠲᠤᠭᠲᠠᠭᠠᠭᠰᠠᠨ ᠬᠠᠤᠯᠢ ᠵᠦᠢᠯ ᠤᠨ ᠪᠢᠴᠢᠭ ᠪᠠ ᠲᠠᠨᠰᠠ ᠡᠪᠬᠡᠮᠡᠯ ᠢ ᠠᠰᠢᠭᠯᠠᠵᠤ᠂ ᠮᠣᠩᠭᠤᠯ ᠸᠠᠩ ᠭᠦᠩ ᠦᠷ ᠠ ᠲᠠᠰᠤᠷᠠᠭᠰᠠᠨ ᠪᠠᠢᠳᠠᠯ ᠳ᠋ᠤ ᠬᠡᠷᠬᠢᠨ ᠵᠡᠷᠭᠡ ᠵᠠᠯᠭᠠᠮᠵᠢᠯᠠᠵᠤ ᠪᠠᠢᠭᠰᠠᠨ ᠲᠦᠷᠢᠮ ᠤᠨ ᠲᠤᠬᠠᠢ ᠰᠢᠨᠵᠢᠯᠡᠨ ᠦᠭᠦᠯᠡᠬᠦ ᠵᠢ ᠵᠤᠷᠢᠪᠠ᠃
Original Literature No Original Paper
出自 内蒙古大学学报 2023年 第5期

联系我们


内蒙古大学图书馆
呼和浩特市大学西路235号
中国·内蒙古
P: (0471) 4992561
E: huangfeilong@imu.edu.cn