Paper Information


Title ᠪᠤᠷᠢᠶᠠᠳ ᠮᠣᠩᠭᠤᠯᠴᠤᠳ ᠤᠨ ᠨᠡᠢᠭᠡᠮ ᠳᠡᠬᠢ ᠭᠡᠷ ᠪᠦᠯᠢ ᠶᠢᠨ ᠨᠡᠢᠭᠡᠮᠴᠢ ᠴᠢᠳᠠᠪᠬᠢ ᠶᠢᠨ ᠲᠤᠬᠠᠢ ᠲᠤᠪᠴᠢ ᠦᠭᠦᠯᠡᠬᠦ ᠨᠢ — ᠬᠦᠯᠦᠨ ᠪᠤᠢᠷ ᠬᠤᠲᠠ ᠶᠢᠨ ᠡᠸᠡᠩᠭᠢ ᠬᠤᠰᠢᠭᠤᠨ ᠤ ᠰᠢᠨᠡᠬᠡᠨ ᠪᠠᠷᠠᠭᠤᠨ ᠰᠤᠮᠤᠨ ᠤ ᠪᠤᠷᠢᠶᠠᠳ ᠮᠣᠩᠭᠤᠯᠴᠤᠳ ᠤᠨ ᠭᠡᠷ ᠪᠦᠯᠢ ᠶᠢᠨ ᠵᠢᠱᠢᠶᠡᠨ ᠳᠦ
Creator ᠰᠤ ᠵᠢᠨ ᠰᠢᠩ
Keyword ᠰᠢᠨᠡᠬᠡᠨ ᠪᠠᠷᠠᠭᠤᠨ ᠰᠤᠮᠤ; ᠪᠤᠷᠢᠶᠠᠳ ᠮᠣᠩᠭᠤᠯᠴᠤᠳ; ᠭᠡᠷ ᠪᠦᠯᠢ ᠶᠢᠨ ᠨᠡᠢᠭᠡᠮᠴᠢ ᠴᠢᠳᠠᠪᠬᠢ
Abstract ᠨᠡᠢᠭᠡᠮ ᠦᠨ ᠠᠵᠢᠯ ᠤᠨ ᠬᠤᠪᠢᠶᠠᠷᠢᠯᠠᠯ ᠤᠨ ᠨᠠᠷᠢᠯᠢᠭᠵᠢᠬᠤ ᠶᠢ ᠳᠠᠭᠠᠯᠳᠤᠵᠤ᠂ ᠭᠡᠷ ᠪᠦᠯᠢ ᠶᠢᠨ ᠪᠦᠲᠦᠴᠡ ᠬᠢᠭᠡᠳ ᠲᠡᠭᠦᠨ ᠦ ᠨᠡᠢᠭᠡᠮᠴᠢ ᠴᠢᠳᠠᠪᠬᠢ ᠳᠤ ᠶᠡᠬᠡᠬᠡᠨ ᠬᠤᠪᠢᠷᠠᠯᠲᠠ ᠭᠠᠷᠳᠠᠭ᠃ ᠬᠦᠯᠦᠨ ᠪᠤᠢᠷ ᠬᠤᠲᠠ ᠶᠢᠨ ᠡᠸᠡᠩᠭᠢ ᠬᠤᠰᠢᠭᠤᠨ ᠤ ᠰᠢᠨᠡᠬᠡᠨ ᠪᠠᠷᠠᠭᠤᠨ ᠰᠤᠮᠤᠨ ᠤ ᠪᠤᠷᠢᠶᠠᠳ ᠮᠣᠩᠭᠤᠯᠴᠤᠳ ᠤᠨ ᠨᠡᠢᠭᠡᠮ ᠰᠤᠶᠤᠯ ᠤᠨ ᠲᠤᠬᠠᠢ ᠬᠢᠭᠰᠡᠨ ᠠᠨᠺᠧᠲ᠋ ᠠᠴᠠ ᠦᠵᠡᠪᠡᠯ᠂ ᠪᠤᠷᠢᠶᠠᠳ ᠮᠣᠩᠭᠤᠯᠴᠤᠳ ᠤᠨ ᠨᠡᠢᠭᠡᠮ ᠨᠢ ᠴᠠᠭ ᠡᠷᠢᠨ ᠦ ᠤᠷᠤᠰᠬᠠᠯ ᠳᠤ ᠵᠠᠳᠠᠷᠠᠨ ᠵᠠᠮᠬᠠᠷᠠᠭᠰᠠᠨ ᠪᠤᠰᠤᠳ ᠠᠯᠢ ᠣᠯᠠᠨ ᠤᠯᠠᠮᠵᠢᠯᠠᠯᠲᠤ ᠨᠡᠢᠭᠡᠮ ᠲᠡᠢ ᠠᠳᠠᠯᠢ ᠪᠠᠷ ᠮᠠᠰᠢ ᠬᠡᠪᠷᠡᠭ᠂ ᠮᠠᠰᠢ ᠬᠦᠴᠦᠨ ᠮᠡᠬᠦᠰ ᠪᠠᠢᠳᠠᠯ ᠳᠤ ᠣᠷᠤᠰᠢᠵᠤ ᠪᠠᠢᠭ᠎ᠠ ᠭᠡᠰᠡᠨ ᠢ ᠬᠦᠮᠦᠰ ᠰᠡᠩᠬᠡᠷᠡᠨ ᠮᠡᠳᠡᠬᠦ ᠴᠢᠬᠤᠯᠠ ᠲᠠᠢ ᠪᠦᠭᠡᠳ ᠭᠠᠵᠠᠷ ᠣᠷᠤᠨ ᠤ ᠵᠠᠰᠠᠭ ᠵᠠᠬᠢᠷᠭᠠᠨ ᠤ ᠵᠤᠬᠢᠶᠠᠨ ᠪᠠᠢᠭᠤᠯᠤᠯᠲᠠ ᠠᠴᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠪᠤᠯᠬᠤ ᠭᠡᠷ ᠪᠦᠯᠢ ᠳᠦ ᠦᠵᠡᠭᠦᠯᠬᠦ ᠵᠠᠰᠠᠭ ᠵᠠᠬᠢᠷᠭᠠᠨ ᠤ ᠦᠢᠯᠡᠴᠢᠯᠡᠭᠡ ᠪᠤᠯᠤᠨ ᠠᠵᠤ ᠠᠬᠤᠢᠯᠠᠯ ᠳᠤ ᠦᠵᠡᠭᠦᠯᠬᠦ ᠵᠠᠰᠠᠭ ᠵᠠᠬᠢᠷᠭᠠᠨ ᠤ ᠡᠵᠡᠮᠳᠡᠯ ᠢᠶᠡᠷ ᠳᠠᠮᠵᠢᠭᠤᠯᠵᠤ᠂ ᠲᠡᠳᠡᠨ ᠦ ᠬᠤᠭᠤᠷᠤᠨᠳᠤ ᠤᠯᠠᠮ ᠢᠶᠠᠷ ᠶᠡᠬᠡᠳᠴᠦ ᠪᠠᠢᠭ᠎ᠠ 《ᠡᠷᠬᠡ ᠲᠡᠭᠰᠢ ᠪᠤᠰᠤ》 ᠪᠠᠢᠳᠠᠯ ᠢ ᠴᠢᠳᠠᠬᠤ ᠶᠢᠨ ᠬᠢᠷᠢ ᠪᠡᠷ ᠬᠢᠵᠠᠭᠠᠷᠯᠠᠨ ᠲᠡᠩᠴᠡᠭᠦᠷᠢᠰᠢᠭᠦᠯᠬᠦ ᠴᠢᠬᠤᠯᠠ ᠲᠠᠢ᠃
Original Literature No Original Paper
出自 蒙古学研究 2015年 第2期

联系我们


内蒙古大学图书馆
呼和浩特市大学西路235号
中国·内蒙古
P: (0471) 4992561
E: huangfeilong@imu.edu.cn