Paper Information


Title ᠦᠪᠦᠷ ᠮᠤᠩᠭ᠋ᠤᠯ ᠤᠨ ᠵᠡᠭᠦᠨ ᠬᠡᠰᠡᠭ ᠤᠷᠤᠨ ᠳᠤ ᠬᠢ ᠲᠠᠷᠢᠶᠠᠯᠠᠬᠤ ᠲᠤᠰᠬᠤᠨ ᠤ ᠪᠦᠷᠢᠯᠳᠦᠯ ᠬᠢᠭᠡᠳ ᠬᠤᠭᠤᠷ ᠤᠨ ᠦᠯᠢᠭᠡᠷ ᠤᠨ ᠡᠭᠦᠰᠦᠯ ᠪᠦᠷᠢᠯᠳᠦᠯ ᠤᠨ ᠲᠤᠬᠠᠢ ᠨᠢᠭᠡ ᠵᠦᠢᠯ ᠤᠨ ᠮᠠᠭᠠᠳᠯᠠᠯ
Creator ᠪᠤᠶᠠᠨᠳᠤᠭᠳᠠᠬᠤ
Keyword ᠦᠪᠦᠷ ᠮᠤᠩᠭ᠋ᠤᠯ ᠤᠨ ᠵᠡᠭᠦᠨ ᠬᠡᠰᠡᠭ ᠤᠷᠤᠨ; ᠲᠠᠷᠢᠶᠠᠯᠠᠬᠤ ᠲᠤᠰᠬᠤᠨ ᠤ ᠪᠦᠷᠢᠯᠳᠦᠯ; ᠬᠤᠭᠤᠷ ᠤᠨ ᠦᠯᠢᠭᠡᠷ ᠤᠨ ᠡᠭᠦᠰᠦᠯ ᠤᠨ ᠤᠷᠤᠨ ᠴᠠᠭ
Abstract ᠬᠤᠭᠤᠷ ᠤᠨ ᠦᠯᠢᠭᠡᠷ ᠤᠨ ᠡᠭᠦᠰᠦᠯ ᠢ ᠦᠪᠦᠷ ᠮᠤᠩᠭ᠋ᠤᠯ ᠤᠨ ᠵᠡᠭᠦᠨ ᠬᠡᠰᠡᠭ ᠤᠷᠤᠨ ᠤ ᠲᠠᠷᠢᠶᠠᠯᠠᠬᠤ ᠲᠤᠰᠬᠤᠨ ᠤ ᠪᠦᠷᠢᠯᠳᠦᠯ ᠲᠠᠢ ᠬᠤᠯᠪᠤᠨ ᠦᠵᠡᠭᠡᠳ᠂ ᠬᠤᠭᠤᠷ ᠤᠨ ᠦᠯᠢᠭᠡᠷ ᠨᠢ ᠲᠠᠷᠢᠶᠠᠯᠠᠬᠤ ᠲᠤᠰᠬᠤᠨ ᠪᠦᠷᠢᠯᠳᠦᠨ ᠲᠤᠭᠳᠠᠪᠤᠷᠢᠵᠢᠭ᠌ᠰᠠᠨ ᠤ ᠲᠠᠷᠠᠭᠠᠬᠢ 17 ᠳ᠋ᠤᠭᠠᠷ ᠵᠠᠭᠤᠨ ᠤ ᠰᠡᠭᠦᠯᠴᠢ 18 ᠳ᠋ᠤᠭᠠᠷ ᠵᠠᠭᠤᠨ ᠤ ᠡᠬᠢᠨ ᠦᠶ᠎ᠡ ᠪᠡᠷ ᠬᠠᠷᠠᠴᠢᠨ ᠨᠤᠳᠤᠭ ᠲᠤ ᠡᠬᠢᠯᠡᠨ ᠡᠭᠦᠰᠴᠦ᠂ ᠲᠡᠭᠷᠢ ᠲᠡᠳᠭᠦᠭ᠍ᠴᠢ ᠶᠢᠨ ᠰᠡᠭᠦᠯᠴᠢ ᠶᠢᠨ ᠦᠶ᠎ᠡ ᠪᠡᠷ (18 ᠳ᠋ᠤᠭᠠᠷ ᠵᠠᠭᠤᠨ ᠤ ᠰᠡᠭᠦᠯᠴᠢ) ᠪᠦᠷᠢᠯᠳᠦᠨ ᠲᠤᠭᠳᠠᠭᠰᠠᠨ ᠪᠤᠯᠤᠮᠵᠢ ᠲᠠᠢ ᠬᠡᠮᠡᠨ ᠮᠠᠭᠠᠳᠯᠠᠵᠤ᠂ ᠴᠢᠨᠠᠭᠰᠢᠳᠠ ᠬᠤᠭᠤᠷ ᠤᠨ ᠦᠯᠢᠭᠡᠷ ᠨᠢ ᠬᠠᠷᠠᠴᠢᠨ ᠨᠤᠳᠤᠭ ᠲᠤ ᠠᠩᠬ᠎ᠠ ᠡᠭᠦᠰᠦᠭᠰᠡᠨ ᠤ ᠲᠠᠷᠠᠭ᠎ᠠ᠂ ᠤᠮᠠᠷᠠᠰᠢ ᠴᠢᠭ᠍ᠯᠡᠯ ᠶᠢᠡᠷ ᠨᠡᠢ᠌ᠳᠡ ᠬᠤᠶᠠᠷᠳᠠ ᠨᠡᠭᠦᠳᠡᠯᠡᠯᠳᠡ ᠬᠢᠵᠦ᠂ 19 ᠳ᠋ᠤᠭᠡᠷ ᠵᠠᠭᠤᠨ ᠤ ᠡᠬᠢ ᠲᠤᠮᠳᠠᠴᠢ ᠦᠶ᠎ᠡ ᠪᠡᠷ ᠮᠤᠩᠭ᠋ᠤᠯᠵᠢᠨ ᠨᠤᠳᠤᠭ ᠲᠤ ᠠᠩᠬᠠᠳᠤᠭᠠᠷ ᠤᠳᠠᠭᠠᠨ ᠤ ᠦᠷᠨᠢᠯᠳᠡ ᠳᠤ ᠤᠷᠤᠵᠤ᠂ 20 ᠳ᠋ᠤᠭᠠᠷ ᠵᠠᠭᠤᠨ ᠤ ᠲᠤᠮᠳᠠᠴᠢ ᠡᠷᠢᠨ ᠶᠢᠡᠷ ᠬᠤᠷᠴᠢᠨ - ᠵᠠᠷᠤᠳ ᠨᠤᠳᠤᠭ ᠲᠤ ᠬᠤᠶᠠᠳᠠᠬᠢ ᠤᠳᠠᠭᠠᠨ ᠤ ᠦᠷᠨᠢᠯᠳᠡ ᠳᠤ ᠤᠷᠤᠭᠰᠠᠨ ᠬᠡᠮᠡᠬᠦ ᠦᠵᠡᠯᠳᠡ ᠶᠢ ᠲᠡᠪᠰᠢᠭᠦᠯᠦᠭᠰᠡᠨ ᠪᠠᠢ᠌ᠨ᠎ᠠ᠃
Original Literature View Original Paper
出自 内蒙古大学学报 2015年 第1期

联系我们


内蒙古大学图书馆
呼和浩特市大学西路235号
中国·内蒙古
P: (0471) 4992561
E: huangfeilong@imu.edu.cn