Title |
ᠬᠣᠷᠴᠢᠨ ᠠᠷᠠᠳ ᠤᠨ ᠦᠯᠢᠭᠡᠷᠲᠦ ᠲᠠᠭᠤᠤ ᠳ᠋ᠡᠬᠢ ᠬᠢ ᠲᠦᠷᠢ ᠪᠦᠲᠦᠭᠡᠯᠭᠡ ᠶᠢᠨ ᠭᠤᠤ ᠠ ᠰᠠᠢᠬᠠᠨ ᠤ ᠦᠨ ᠠ ᠦᠷᠲᠡᠭ ᠢ ᠰᠢᠨᠵᠢᠯᠡᠬᠦ ᠨᠢ |
Creator |
ᠬᠤ ᠰᠢᠶᠤᠤ ᠶᠠᠨ |
Keyword |
ᠬᠤᠷᠢᠨ ᠦᠯᠢᠭᠡᠷᠲᠦ ᠲᠠᠭᠤᠤ︔ ᠲᠦᠷᠢ ᠪᠦᠲᠦᠭᠡᠯᠭᠡ︔ ᠭᠤᠤ ᠠ ᠰᠠᠢᠬᠠᠨ ᠤ ᠦᠨ᠎ᠠ ᠦᠷᠲᠡᠭ |
Abstract |
ᠬᠤᠷᠴᠢᠨ ᠠᠷᠠᠳ ᠤᠨ ᠦᠯᠢᠭᠡᠷᠲᠦ ᠲᠠᠭᠤᠤ ᠪᠤᠯ ᠬᠤᠷᠴᠢᠨ ᠨᠤᠲᠤᠭ ᠤᠨ ᠮᠣᠩᠭᠤᠯᠴᠤᠳ ᠤᠨ ᠠᠮᠢᠳᠤᠷᠠᠯ ᠲᠡᠮᠡᠴᠡᠯ ᠪᠤᠯᠤᠨ ᠦᠵᠡᠯ ᠰᠡᠳᠬᠢᠯᠭᠡ ᠵᠢ ᠲᠤᠰᠬᠠᠨ ᠪᠢᠴᠢᠭᠰᠡᠨ ᠤᠷᠠᠯᠢᠭ ᠤᠨ ᠭᠤᠤ ᠠ ᠰᠠᠢᠬᠠᠨ ᠤ ᠪᠦᠲᠦᠭᠡᠯ ᠪᠤᠯᠤᠨ᠎ᠠ᠃ ᠬᠣᠷᠴᠢᠨ ᠦᠯᠢᠭᠡᠷᠲᠦ ᠲᠠᠭᠤᠤ ᠳ᠋ᠤ ᠨᠡᠯᠢᠶᠡᠳ ᠤᠯᠠᠨ ᠤᠷᠠᠯᠢᠭ ᠤᠨ ᠭᠤᠤ ᠠ ᠰᠠᠢᠬᠠᠨ ᠤ ᠤᠷᠠᠨ ᠲᠦᠷᠢ ᠪᠦᠲᠦᠭᠡᠭᠳᠡᠭᠰᠡᠨ ᠪᠦᠭᠡᠳ ᠤᠤᠯ ᠲᠦᠷᠢ ᠨᠢ ᠲᠤᠰ ᠪᠦᠷᠢ ᠭᠣᠣ ᠠ ᠰᠠᠢᠬᠠᠨ ᠤ ᠣᠨᠴᠠᠯᠢᠭ ᠰᠢᠨᠵᠢ ᠪᠠᠨ ᠲᠦᠢᠯ ᠤᠨ ᠰᠠᠢᠬᠠᠨ ᠢᠢᠡᠷ ᠢᠯᠡᠷᠡᠬᠦᠯᠵᠦ ᠴᠢᠳᠠᠭᠰᠠᠨ ᠪᠠᠢᠳᠠᠭ᠃ ᠡᠭᠦᠨ ᠢᠡᠢᠷ ᠪᠠᠷᠠᠬᠤ ᠦᠭᠡᠢ᠂ ᠡᠳᠡᠭᠡᠷ ᠲᠦᠷᠢ ᠨᠢ ᠦᠵᠡᠭᠴᠢ ᠰᠣᠨᠤᠰᠤᠭᠴᠢ ᠶᠢᠨ ᠠᠩᠾᠠᠷᠤᠯ ᠢ ᠮᠠᠰᠢ ᠶᠡᠬᠡ ᠲᠠᠳᠠᠳᠠᠭ ᠶᠤᠮ᠃ ᠦᠭᠦᠯᠡᠯ ᠳ᠋ᠤ᠂ ᠬᠣᠷᠴᠢᠨ ᠠᠷᠠᠳ ᠤᠨ ᠦᠯᠢᠭᠡᠷᠲᠦ ᠲᠠᠭᠤᠤ ᠳ᠋ᠤ ᠬᠢ ᠤᠷᠠᠨ ᠲᠦᠷᠢ ᠶᠢᠨ ᠭᠤᠤ ᠠ ᠰᠠᠢᠬᠠᠨ ᠤ ᠦᠨ᠎ᠠ ᠦᠷᠲᠡᠭ ᠢ ᠭᠠᠳᠠᠷ ᠲᠦᠷᠢ ᠲᠦᠷᠬᠦ ᠶᠢᠨ ᠭᠤᠤ ᠠ ᠰᠠᠢᠬᠠᠨ ᠤ ᠦᠨ᠎ᠠ ᠦᠷᠲᠡᠭ᠂ ᠵᠠᠩ ᠴᠢᠠᠨᠷ ᠤᠨ ᠭᠤᠤ ᠠ ᠰᠠᠢᠬᠠᠨ ᠤ ᠦᠨ᠎ᠠ ᠦᠷᠲᠡᠭ ᠵᠢᠴᠢ ᠦᠢᠯᠡ ᠠᠵᠢᠯᠯᠠᠭ᠎ᠠ ᠶᠢᠨ ᠭᠤᠤ ᠠ ᠰᠠᠢᠬᠠᠨ ᠤ ᠦᠨ᠎ᠠ ᠦᠷᠲᠡᠭ ᠵᠡᠷᠭᠡ ᠭᠤᠷᠪᠠᠨ ᠲᠠᠯ ᠠ ᠡᠴᠡ ᠵᠠᠳᠠᠯᠵᠤ ᠰᠢᠨᠵᠢᠯᠡᠪᠡ᠃ |
Original Literature |
No Original Paper
|
出自 |
内蒙古民族大学学报(社会科学)
2023年
第1期
|