Title |
ᠮᠣᠩᠭᠤᠯᠴᠤᠳ ᠤᠨ ᠬᠤᠲᠠ ᠶᠢᠨ ᠪᠠᠭᠤᠷᠢ ᠶᠢᠨ ᠠᠮᠢ ᠠᠬᠤᠢ ᠶᠢᠨ ᠰᠢᠨᠵᠢᠯᠡᠯ |
Creator |
ᠡᠦ ᠰᠠᠷᠠᠭᠤᠯ |
Keyword |
ᠮᠣᠩᠭᠤᠯᠴᠤᠳ︔ ᠬᠤᠲᠠ ᠶᠢᠪ ᠪᠠᠭᠤᠷᠢ︔ ᠠᠮᠢ ᠠᠬᠤᠢ |
Abstract |
ᠲᠤᠰ ᠦᠭᠦᠯᠠᠯ ᠳ᠋ᠤ᠂ ᠠᠮᠢ ᠠᠬᠤᠢ ᠶᠢᠨ ᠤᠬᠠᠭᠠᠨ ᠤ ᠬᠠᠷᠭᠠᠰᠤ ᠡᠴᠡ ᠮᠣᠩᠭᠤᠯᠴᠤᠳ ᠤᠨ ᠬᠤᠲᠠ ᠶᠢᠨ ᠪᠠᠭᠤᠷᠢ ᠶᠢᠨ ᠠᠮᠢ ᠠᠬᠤᠢ ᠵᠢ ᠰᠢᠨᠵᠢᠯᠡᠨ ᠰᠣᠳᠤᠯᠵᠠᠢ᠃ ᠭᠡᠬᠦ ᠳ᠋ᠤ ᠪᠠᠨ ᠬᠠᠮᠢᠶ ᠠ ᠪᠦᠬᠦᠢ ᠲᠡᠦᠬᠡᠨ ᠮᠠᠲ᠋ᠸᠷᠢᠶᠠᠯ ᠪᠠ ᠬᠤᠲᠠ ᠶᠢᠨ ᠪᠠᠭᠤᠷᠢ ᠶᠢᠨ ᠰᠡᠳᠦᠪᠲᠦ ᠲᠤᠮᠤᠭ ᠶᠠᠷᠢᠶ ᠠ ᠵᠢ ᠴᠤᠭᠯᠠᠭᠤᠯᠤᠨ ᠡᠮᠬᠢᠳᠭᠡᠬᠦ ᠪᠡᠷ ᠲᠠᠮᠵᠢᠨ᠂ ᠬᠤᠲ ᠠᠪᠠᠢᠭᠤᠯᠬᠤ ᠳ᠋ᠤ ᠪᠠᠨ ᠡᠩ ᠲᠡᠷᠢᠬᠦᠨ ᠳ᠋ᠤ᠂ ᠠᠭᠤᠯᠠ ᠤᠰᠤ ᠲᠠᠢ ᠭᠠᠵᠠᠷ᠂ ᠡᠪᠡᠰᠦ ᠪᠡᠯᠴᠢᠭᠡᠷ ᠲᠠᠢ ᠭᠠᠵᠠᠷ᠂ ᠠᠩ ᠬᠦᠷᠦᠭᠡ ᠲᠠᠢ ᠭᠠᠵᠠᠷ᠂ ᠵᠤᠬᠢᠰᠲᠠᠢ ᠤᠷᠤᠨ ᠵᠠᠢ ᠵᠢ ᠰᠤᠩᠭᠤᠬᠤ ᠵᠢ ᠠᠨᠬᠠᠷᠴᠤ ᠪᠠᠢᠭᠰᠠᠨ ᠨᠢ ᠠᠮᠢ ᠠᠬᠤᠢ ᠶᠢᠨ ᠬᠦᠨᠵᠡᠭᠡᠢ ᠤᠳᠬ ᠠ ᠲᠠᠢ ᠭᠡᠵᠦ ᠦᠵᠡᠵᠡᠢ᠃ ᠳᠠᠷᠠᠭ᠎ᠠ ᠨᠢ ᠂ ᠬᠤᠳᠠ ᠶᠢᠨ ᠪᠠᠢᠷᠰᠢᠭᠤᠯᠤᠯᠲᠠ ᠶᠢᠨ ᠦᠢᠯᠡᠳᠦᠯ᠂ ᠤᠯᠤᠰ ᠲᠦᠷᠦ ᠶᠢᠨ ᠦᠢᠯᠡᠳᠦᠯ᠂ ᠴᠡᠷᠢᠭ ᠲᠠᠢᠨ ᠤ ᠦᠢᠯᠡᠳᠦᠯ ᠵᠡᠷᠭᠡ ᠠᠮᠢ ᠠᠬᠤᠢ ᠶᠢᠨ ᠦᠢᠯᠡᠳᠦᠯ ᠢ ᠰᠢᠨᠵᠢᠯᠡᠵᠦ᠂ ᠬᠠᠮᠤᠭ ᠤᠨ ᠰᠡᠭᠦᠯ ᠳ᠋ᠤ᠂ ᠪᠠᠢᠭᠠᠯᠢ ᠶᠢᠨ ᠰᠢᠯᠲᠠᠭᠠᠨ᠂ ᠴᠡᠷᠢᠭ ᠲᠠᠢᠨ ᠤ ᠰᠢᠯᠲᠠᠭᠠᠨ᠂ ᠪᠤᠰᠤᠳ ᠰᠢᠯᠲᠠᠭᠠᠨ ᠵᠡᠷᠭᠡ ᠭᠤᠷᠪᠠᠨ ᠲᠠᠯ ᠠ ᠡᠴᠡ ᠬᠤᠲᠠ ᠶᠢᠨ ᠡᠪᠳᠡᠭᠳᠡᠯ ᠳ᠋ᠤ ᠬᠢ ᠠᠮᠢ ᠠᠬᠤᠢ ᠵᠢ ᠬᠠᠢᠨ ᠰᠦᠪᠡᠭᠴᠢᠯᠡᠪᠡ᠃ |
Original Literature |
No Original Paper
|
出自 |
内蒙古民族大学学报(社会科学)
2023年
第3期
|