Title |
ᠮᠣᠩᠭᠤᠯᠴᠤᠳ ᠤᠨ ᠲᠠᠮᠠᠬᠢᠯᠠᠬᠤ ᠵᠠᠩ ᠦᠢᠯᠡ ᠶᠢᠨ ᠡᠭᠦᠰᠴᠦ ᠪᠦᠷᠢᠯᠳᠦᠭᠰᠡᠨ ᠴᠠᠭ ᠬᠤᠭᠤᠴᠠᠭ᠎ᠠ ᠪᠠ ᠵᠠᠮ ᠱᠤᠭᠤᠮ |
Creator |
ᠰᠤᠷᠤᠨ᠎ᠠ |
Keyword |
ᠲᠠᠮᠠᠬᠢ︔ ᠮᠣᠩᠭᠤᠯᠴᠤᠳ ᠤᠨ ᠲᠠᠮᠠᠬᠢᠯᠠᠬᠤ ᠵᠠᠩ ᠦᠢᠯᠡ︔ ᠡᠭᠦᠰᠦᠯ ᠪᠦᠷᠢᠯᠳᠦᠯ |
Abstract |
ᠲᠠᠮᠠᠬᠢᠯᠠᠬᠤ ᠵᠠᠩ ᠦᠢᠯᠡ ᠪᠤᠯ ᠮᠣᠩᠭᠤᠯᠴᠤᠳ ᠤᠨ ᠬᠦᠨᠳᠦᠯᠡᠬᠦ ᠮᠡᠨᠳᠦᠯᠡᠬᠦ ᠶᠠᠰᠤᠨ ᠤ ᠨᠢᠭᠡᠨᠨᠢ ᠪᠤᠯᠤᠨ᠎ᠠ᠃ ᠲᠠᠮᠠᠬᠢᠯᠠᠬᠤ ᠵᠠᠩ ᠦᠢᠯᠡ ᠶᠢᠨ ᠡᠭᠦᠰᠦᠯ ᠪᠦᠷᠢᠯᠳᠦᠯ ᠤᠨ ᠲᠤᠬᠠᠢ ᠲᠡᠦᠬᠡᠨ ᠲᠤᠷᠠᠰᠬᠠᠯ᠂ ᠬᠠᠭᠤᠴᠢ ᠦᠯᠡᠳᠡᠭᠳᠡᠯ᠂ ᠰᠣᠷᠪᠤᠯᠵᠢ ᠪᠢᠴᠢᠭ ᠲᠤ ᠲᠡᠮᠳᠡᠭᠯᠡᠵᠦ ᠬᠣᠴᠤᠷᠤᠭᠰᠠᠨ ᠵᠦᠢᠯ ᠬᠣᠪᠤᠷᠬᠠᠨ ᠪᠤᠯᠪᠠᠴᠤ᠂ ᠬᠡᠳᠦᠭᠡᠨ ᠵᠠᠭᠤᠨ ᠵᠢᠯ ᠤᠨ ᠲᠤᠳᠤᠷ ᠠ ᠨᠡᠢᠲᠡ ᠮᠣᠩᠭᠤᠯᠴᠤᠳ ᠤᠨ ᠮᠡᠨᠳᠦᠴᠢᠯᠡᠬᠦ ᠶᠤᠰᠤ ᠵᠠᠩᠰᠢᠯ ᠤᠨ ᠴᠢᠬᠤᠯᠠ ᠠᠭᠤᠯᠭ᠎ᠠ ᠪᠤᠯᠵᠤ ᠪᠦᠷᠢᠯᠳᠦᠨ ᠲᠤᠭᠲᠠᠨᠢᠭᠰᠠᠨ ᠨᠢ ᠮᠠᠰᠢ ᠰᠣᠨᠢᠷᠬᠠᠯᠲᠠᠢ᠃ ᠦᠭᠦᠯᠡᠯ ᠳ᠋ᠤ ᠲᠠᠮᠠᠬᠢ ᠶᠢᠨ ᠮᠣᠩᠭᠤᠯ ᠤᠷᠤᠨ ᠳ᠋ᠤ ᠨᠡᠪᠲᠡᠷᠡᠭᠰᠡᠨ ᠶᠠᠪᠤᠴᠠ ᠵᠢ ᠬᠤᠷᠢᠶᠠᠩᠭᠤᠢᠯᠠᠨ ᠳ᠋ᠦᠩᠨᠡᠵᠦ᠂ ᠲᠡᠬᠦᠨ ᠤ ᠨᠡᠢᠭᠡᠮ ᠤᠨ ᠳᠡᠭᠡᠳᠦ ᠳᠠᠬᠤᠷᠭᠠᠲᠠᠳ ᠤᠨ ᠪᠠᠢᠷᠢ ᠰᠠᠭᠤᠷᠢ ᠶᠢᠨ ᠨᠢᠭᠡᠨ ᠵᠦᠢᠯ ᠤᠨ ᠢᠯᠡᠷᠭᠡᠢᠢᠯᠡᠯ ᠪᠠᠢᠭᠰᠠᠨ ᠡᠴᠡ ᠠᠭᠠᠵᠢᠮ ᠢᠢᠡᠷ ᠲᠡᠭᠡᠳᠦ ᠲᠤᠤᠷᠠᠲᠤ ᠶᠢᠨ ᠢᠯᠭᠠᠯ ᠦᠭᠡᠢ ᠡᠬᠡᠯ ᠬᠠᠷᠠᠴᠤ ᠠᠷᠠᠳ ᠤᠨ ᠲᠤᠮᠲᠠ ᠲᠦᠬᠡᠮᠡᠯᠵᠢᠨ ᠲᠠᠷᠬᠠᠵᠤ᠂ ᠮᠣᠩᠭᠤᠯᠴᠤᠳ ᠤᠨ ᠤᠯᠠᠮᠵᠢᠯᠠᠯᠲᠦ ᠨᠡᠭᠦᠳᠡᠯ ᠮᠠᠯᠵᠢᠯ ᠤᠨ ᠠᠮᠢᠳᠤᠷᠠᠯ ᠠᠬᠤᠢ ᠲᠠᠢ ᠠᠭᠤᠰᠤᠯᠴᠠᠨ ᠤᠶᠠᠯᠳᠤᠵᠤ᠂ ᠦᠪᠡᠷᠮᠢᠴᠡ ᠣᠨᠴᠠᠯᠢᠭ ᠪᠦᠬᠦᠢ ᠶᠠᠰᠤ ᠵᠠᠩᠰᠢᠯ ᠪᠤᠯᠤᠨ ᠪᠦᠷᠢᠯᠳᠦᠨ ᠲᠤᠭᠲᠠᠨᠢᠵᠠᠢ ᠭᠡᠬᠦ ᠦᠵᠡᠯᠲᠡ ᠵᠢ ᠲᠡᠪᠰᠢᠬᠦᠯᠪᠡ᠃ |
Original Literature |
No Original Paper
|
出自 |
内蒙古民族大学学报(社会科学)
2022年
第4期
|