Title |
ᠮᠣᠩᠭᠤᠯ ᠦᠨᠳᠦᠰᠦᠲᠡᠨ ᠤ ᠪᠤᠳᠠᠰ ᠤᠨ ᠪᠤᠰᠤ ᠰᠣᠶᠤᠯ ᠤᠨ ᠦᠪ ᠲᠠᠯᠠᠩ ᠵᠢᠷᠤᠭ ᠢ ᠤᠯᠠᠮᠵᠢᠯᠠᠵᠤ ᠬᠠᠮᠠᠭᠠᠯᠠᠬᠤ ᠠᠷᠭ᠎ᠠ ᠠᠪᠴᠠᠯ ᠢ ᠰᠦᠪᠡᠭᠴᠢᠯᠡᠬᠦ ᠨᠢ |
Creator |
ᠵᠤᠤ ᡁᠢ ᠬᠤᠩ |
Keyword |
ᠪᠤᠳᠠᠰ ᠤᠨ ᠪᠤᠰᠤ ᠰᠣᠶᠤᠯ ᠤᠨ ᠦᠪ︔ ᠮᠣᠩᠭᠤᠯ ᠦᠨᠳᠦᠰᠦᠲᠡᠨ ᠤ ᠲᠠᠯᠠᠩ ᠵᠢᠷᠤᠭ︔ ᠤᠯᠠᠮᠵᠢᠯᠠᠬᠤ |
Abstract |
ᠪᠤᠳᠠᠰ ᠤᠨ ᠪᠤᠰᠤ ᠰᠣᠶᠤᠯ ᠤᠨ ᠦᠪ ᠪᠤᠯ ᠦᠨᠳᠦᠰᠦᠲᠡᠨ ᠤ ᠤᠯᠠᠮᠵᠢᠯᠠᠯᠲᠤ ᠰᠣᠶᠤᠯ ᠤᠨ ᠰᠢᠯᠢᠳᠡᠭ ᠪᠦᠷᠢᠯᠳᠦᠬᠦᠨ ᠪᠤᠯᠤᠨ᠎ᠠ᠃ ᠡᠭᠦᠨ ᠳ᠋ᠤ ᠮᠣᠩᠭᠤᠯ ᠦᠨᠳᠦᠰᠦᠲᠡᠨ ᠤ ᠪᠤᠳᠠᠰ ᠤᠨ ᠪᠤᠰᠤ ᠰᠣᠶᠤᠯ ᠤᠨ ᠦᠪ ᠲᠠᠠᠯᠩ ᠵᠢᠷᠤᠭ ᠪᠤᠯ ᠤᠷᠨᠤ ᠨ ᠤᠲᠤᠭ ᠤᠨ ᠦᠨᠳᠦᠰᠦᠲᠡᠨ ᠤ ᠰᠣᠶᠤᠯ ᠤᠨ ᠦᠨᠢᠷ ᠪᠠᠶᠠᠯᠢᠭ᠂ ᠦᠷᠭᠡᠨ ᠲᠦᠮᠡᠨ ᠤ ᠤᠶᠤᠨ ᠪᠢᠯᠦᠭ ᠢ ᠬᠠᠮᠳᠤᠳᠬᠠᠭᠰᠠᠨ ᠰᠣᠶᠤᠯ ᠤᠨ ᠠᠭᠤᠯᠤᠭᠳᠠᠬᠤᠨ ᠶᠤᠮ᠃ ᠮᠣᠩᠭᠤᠯ ᠦᠨᠳᠦᠰᠦᠲᠡᠨ ᠤ ᠲᠠᠯᠠᠩ ᠵᠢᠷᠤᠭ ᠤᠨ ᠲᠤᠳᠤᠭᠠᠲᠤ ᠠᠭᠤᠯᠤᠭᠳᠠᠬᠤᠨ᠂ ᠤᠷᠠᠯᠢᠭ ᠤᠨ ᠬᠡᠪ ᠨᠠᠮᠪᠠ᠂ ᠬᠢᠬᠦ ᠶᠠᠪᠤᠴᠠ᠂ ᠰᠡᠳᠦᠪ ᠮᠠᠲ᠋ᠸᠠᠷᠢᠶᠠᠯ ᠵᠡᠷᠭᠡ ᠵᠢ ᠰᠢᠨᠵᠢᠯᠡᠵᠦ ᠦᠵᠡᠪᠡᠯ᠂ᠤᠳᠤᠬᠠᠨ ᠳ᠋ᠤ ᠲᠠᠯᠠᠩ ᠵᠢᠷᠤᠭ ᠢ ᠤᠯᠠᠮᠵᠢᠯᠠᠨ ᠬᠦᠭᠵᠢᠬᠦᠯᠬᠦ ᠳ᠋ᠤ ᠤᠯᠠᠮᠵᠢᠯᠠᠭᠴᠢ ᠵᠢ ᠬᠦᠮᠦᠵᠢᠬᠦᠯᠬᠦ᠂ ᠪᠤᠳᠠᠳᠤ ᠵᠦᠢᠯ ᠢ ᠬᠤᠷᠢᠶᠠᠨ ᠬᠠᠳᠠᠭᠠᠯᠠᠭᠤ᠂ ᠲᠤᠭᠠᠵᠢᠭᠤᠯᠤᠯᠲᠠ ᠶᠢᠨ ᠬᠠᠮᠠᠭᠠᠯᠠᠯᠲᠠ ᠶᠢᠨ ᠨᠦᠯᠦᠭᠡ ᠵᠢ ᠲᠡᠭᠡᠭᠰᠢᠯᠡᠬᠦᠯᠬᠦ᠂ ᠨᠡᠢᠯᠡᠭᠦᠯᠦᠨ ᠬᠦᠭᠵᠢᠬᠦᠯᠬᠦ ᠲᠠᠯ ᠠ ᠪᠡᠷ ᠤᠯᠠᠮᠵᠢᠯᠠᠬᠤ ᠪᠠ ᠬᠠᠮᠠᠭᠠᠯᠠᠬᠤ ᠵᠡᠷᠭᠡ ᠠᠷᠭ᠎ᠠ ᠠᠪᠴᠠᠯ ᠢ ᠰᠦᠪᠡᠭᠴᠢᠯᠡᠬᠦ ᠴᠢᠬᠤᠯᠠ ᠲᠠᠢ᠃ |
Original Literature |
No Original Paper
|
出自 |
中国蒙古学
2021年
第5期
|