Abstract |
ᠮᠣᠩᠭᠤᠯ ᠦᠨᠳᠦᠰᠦᠲᠡᠨ ᠤ ᠤᠢᠷ ᠠ ᠦᠶ ᠡ ᠶᠢᠨ ᠭᠦᠨ ᠤᠬᠠᠭᠠᠨ ᠤ ᠪᠠᠢᠭᠠᠯᠢ ᠶᠢᠨ ᠦᠵᠡᠯᠲᠡ᠂ ᠲᠠᠨᠢᠯᠲᠠ ᠶᠢᠨ ᠤᠨᠤᠯ᠂ ᠬᠤᠪᠢᠰᠤᠩᠭᠤᠢ ᠠᠷᠭ᠎ᠠ᠂ ᠰᠢᠲᠦᠭᠡᠨ ᠦᠭᠡᠢ ᠦᠵᠡᠯ ᠨᠢ ᠳᠤᠮᠳᠠᠳᠤ ᠭᠠᠳᠠᠭᠠᠲᠤ ᠶᠢᠨ ᠡᠷᠲᠡᠨ ᠡᠳᠦᠭᠡ ᠶᠢᠨ ᠦᠵᠡᠯ ᠰᠠᠨᠠᠭᠠᠨ ᠤ ᠰᠢᠯᠢᠳᠡᠭ ᠢ ᠨᠢ ᠰᠢᠨᠭᠡᠭᠡᠨ ᠠᠪᠤᠭᠰᠠᠨᠪᠦᠭᠡᠳ ᠣᠷᠴᠢᠨ ᠦᠶ ᠡ ᠶᠢᠨ ᠪᠠᠢᠭᠠᠯᠢ ᠶᠢᠨ ᠰᠢᠨᠵᠢᠯᠡᠬᠦ ᠤᠬᠠᠭᠠᠨ ᠤ ᠬᠦᠭᠵᠢᠯᠲᠡ ᠶᠢᠨ ᠦᠷ ᠡ ᠪᠦᠲᠦᠭᠡᠯ ᠢ ᠠᠰᠢᠭᠯᠠᠭᠰᠠᠨ ᠤ ᠰᠠᠭᠤᠷᠢᠨ ᠳᠡᠭᠡᠷ ᠠ ᠮᠣᠩᠭᠤᠯ ᠦᠨᠳᠦᠰᠦᠲᠡᠨ ᠤ ᠰᠡᠳᠬᠢᠬᠦᠢ ᠶᠢᠨ ᠬᠦᠭᠵᠢᠯᠲᠡ ᠶᠢᠨ ᠣᠨᠴᠠᠯᠢᠭ ᠲᠤ ᠲᠤᠬᠢᠷᠠᠭᠰᠠᠨ ᠪᠠ ᠴᠠᠭ ᠴᠠᠭ ᠦᠶ᠎ᠡ ᠶᠢᠨ ᠦᠩᠭᠡ ᠪᠤᠳᠤᠭ ᠲᠠᠢ ᠬᠦᠨ ᠤᠬᠠᠭᠠᠨ ᠤ ᠦᠵᠡᠯ ᠰᠠᠨᠠᠭ᠎ᠠ ᠵᠢ ᠪᠦᠷᠢᠯᠳᠦᠭᠦᠯᠦᠭᠰᠡᠨ ᠪᠠᠢᠨ᠎ᠠ᠃ ᠲᠡᠷᠡ ᠨᠢ ᠴᠠᠭ ᠦᠶ ᠡ ᠶᠢᠨ ᠮᠣᠩᠭᠤᠯ ᠦᠨᠳᠦᠰᠦᠲᠡᠨ ᠤ ᠵᠤᠷᠢᠭ ᠰᠠᠨᠠᠭᠠᠨ ᠤ ᠤᠬᠢ ᠰᠣᠳᠤ ᠪᠤᠯᠤᠭᠰᠠᠨ ᠤ ᠬᠤᠪᠢ ᠳ᠋ᠤ ᠹᠸᠤᠳᠠᠯ ᠤᠨ ᠦᠵᠡᠯ ᠤᠬᠠᠮᠰᠠᠷ ᠢ ᠰᠬᠢᠭᠦᠮᠵᠢᠯᠡᠬᠦ᠂ᠢᠯᠠᠩᠭᠤᠶ ᠠ ᠪᠤᠷᠬᠠᠨ ᠤ ᠱᠠᠰᠢᠨ ᠤ ᠰᠡᠳᠬᠢᠯᠴᠢ ᠦᠵᠡᠯ ᠤᠨ ᠶᠢᠷᠲᠢᠨᠴᠦ ᠶᠢᠨ ᠦᠵᠡᠯᠲᠡ ᠵᠢ ᠰᠢᠬᠦᠮᠵᠢᠯᠡᠬᠦ᠂ ᠬᠦᠮᠦᠰ ᠤᠨ ᠦᠵᠡᠯ ᠰᠠᠨᠠᠭ᠎ᠠ ᠵᠢ ᠴᠢᠯᠦᠭᠡᠯᠡᠬᠦ ᠳ᠋ᠤ ᠯᠤᠳᠤ ᠶᠡᠬᠡ ᠦᠢᠯᠡᠳᠦᠯ ᠦᠵᠡᠭᠦᠯᠦᠭᠰᠡᠨ ᠶᠤᠮ᠃ |