| Abstract |
ᠨᠡᠢᠭᠡᠮ ᠤᠨ ᠬᠦᠭᠵᠢᠯᠲᠡ ᠵᠢ ᠳᠠᠭᠠᠯᠲᠤᠨ ᠰᠢᠨ᠎ᠠ ᠵᠠᠭᠤᠴᠢᠯᠠᠭᠤᠷ ᠰᠣᠹᠲ ᠡᠳᠦᠷ ᠢᠷᠡᠬᠦᠶ ᠡ ᠲᠦᠬᠡᠮᠡᠯᠵᠢᠵᠦ᠂ ᠤᠳᠤᠬᠠᠨ ᠤ ᠵᠢᠭᠠᠨ ᠰᠤᠷᠭᠠᠯᠲᠠ ᠳ᠋ᠤ ᠲᠤᠳᠠᠭᠳᠠᠵᠤ ᠪᠤᠯᠤᠰᠢ ᠦᠭᠡᠢ ᠨᠢᠭᠡᠨ ᠴᠢᠬᠤᠯᠠ ᠵᠦᠢᠯ ᠪᠤᠯᠤᠭᠰᠠᠨ ᠪᠠᠢᠨ᠎ᠠ᠃ ᠲᠡᠷᠡ ᠨ ᠢ ᠤᠳᠤᠬᠠᠨ ᠪᠣᠯᠬᠤ ᠳ᠋ᠤ ᠵᠢᠭᠠᠨ ᠰᠤᠷᠭᠠᠯᠲᠠ ᠶᠢᠨ ᠦᠷᠬᠦᠯᠵᠢ ᠳᠤᠬᠢᠶᠠᠯᠳᠤᠳᠠᠭ ᠬᠦᠴᠢᠷᠲᠡᠢ ᠠᠰᠠᠭᠤᠳᠠᠯ ᠢ ᠢᠯᠡᠳᠭᠡᠬᠦ ᠳ᠋ᠤ《 ᠮᠠᠰᠢ ᠬᠢᠯᠪᠠᠷ》 ᠳᠦᠭᠦᠮ ᠨᠦᠬᠦᠴᠡᠯ ᠢ ᠬᠠᠩᠭᠠᠵᠤ᠂ ᠨᠡᠩ ᠳᠦᠬᠦᠮ ᠢᠢᠡᠷ ᠪᠡᠶᠡᠯᠡᠬᠦᠯᠵᠦ ᠴᠢᠳᠠᠬᠤ ᠪᠤᠯᠵᠠᠢ᠃ ᠲᠤᠰ ᠦᠭᠦᠯᠡᠯ ᠳ᠋ᠤ ᠭᠤᠤᠯᠳᠠᠭᠤ ᠰᠤᠷᠠᠭ ᠵᠠᠩᠭᠢᠲᠤ ᠴᠠᠭ ᠦᠶ ᠡ ᠶᠢᠨ ᠰᠢᠨ᠎ᠠ ᠵᠠᠭᠤᠴᠢᠯᠠᠭᠤᠷ ᠰᠣᠹᠲᠵᠢᠴᠢ ᠲᠡᠬᠦᠨ ᠤ ᠬᠡᠷᠡᠭᠯᠡᠯᠲᠡ᠂ ᠪᠠᠭᠰᠢ ᠪᠠ ᠰᠤᠷᠤᠭᠴᠢ ᠶᠢᠨ ᠰᠢᠨ᠎ᠠ ᠵᠠᠭᠤᠴᠢᠯᠠᠭᠤᠷ ᠰᠣᠹᠲᠢ ᠳᠡᠭᠡᠷᠡᠬᠢ ᠬᠠᠮᠵᠢᠯᠴᠠᠭ᠎ᠠ ᠶᠢᠨ ᠲᠤᠬᠠᠢ ᠦᠭᠦᠯᠡᠭᠰᠡᠨ ᠪᠠᠢᠨ᠎ᠠ᠃ |