| Abstract |
ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠤᠯ ᠤᠨ ᠬᠦᠮᠦᠷᠭᠡ ᠳ᠋ᠡᠬᠢ 《ᠬᠣᠯᠪᠤᠭ᠎ᠠ》 ᠪᠤᠯ ᠮᠣᠩᠭᠤᠯ ᠦᠨᠳᠦᠰᠦᠲᠡᠨ ᠤ ᠠᠷᠠᠳ ᠤᠨ ᠤᠷᠠᠯᠢᠭ ᠪᠤᠯᠬᠤ ᠪᠦᠭᠡᠳ ᠤᠯᠤᠰ ᠤᠨ ᠳᠡᠰ ᠤᠨ ᠪᠤᠳᠠᠰ ᠤᠨ ᠪᠤᠰᠤ ᠰᠣᠶᠤᠯ ᠤᠨ ᠦᠪ ᠪᠤᠯᠤᠨ᠎ᠠ᠃ ᠲᠤᠰ ᠦᠭᠦᠯᠠᠯ ᠳ᠋ᠤ《 ᠬᠣᠯᠪᠤᠭ᠎ᠠ》 ᠶᠢᠨ ᠪᠦᠷᠢᠯᠳᠦᠯ᠂ ᠬᠦᠭᠵᠢᠯᠲᠡ ᠵᠢᠴᠢ ᠲᠦᠯᠦᠭᠡᠯᠡᠬᠦ ᠴᠢᠨᠠᠷᠲᠠᠢ ᠤᠷᠠᠯᠢᠭᠴᠢᠨ ᠤ ᠰᠤᠨᠭᠤᠳᠰᠠᠭ ᠪᠦᠲᠦᠭᠡᠯ ᠢ ᠰᠢᠨᠵᠢᠯᠡᠨ ᠰᠣᠳᠤᠯᠵᠤ᠂ ᠬᠣᠯᠪᠤᠭ᠎ᠠ ᠭᠡᠬᠦ ᠠᠷᠠᠳ ᠤᠨ ᠤᠷᠠᠯᠢᠭ ᠲᠤ ᠲᠤᠯᠭᠠᠷᠠᠭᠰᠠᠨ ᠪᠤᠳᠠᠳᠤ ᠠᠰᠠᠭᠤᠳᠠᠯ ᠵᠢᠴᠢ ᠲᠡᠭᠦᠨ ᠤ ᠪᠤᠳᠠᠰ ᠤᠨ ᠪᠤᠰᠤ ᠰᠣᠶᠤᠯ ᠤᠨ ᠦᠪ ᠤᠨ ᠣᠨᠴᠠᠭᠠᠢ ᠦᠨ᠎ᠠ ᠦᠷᠲᠡᠭ ᠢ ᠲᠤᠳᠤᠷᠬᠠᠢᠯᠠᠵᠤ ᠦᠭᠦᠯᠡᠨ᠂ ᠬᠣᠯᠪᠤᠭ᠎ᠠ ᠵᠢ ᠤᠯᠠᠮᠵᠢᠯᠠᠬᠤ ᠪᠠ ᠬᠠᠮᠠᠭᠠᠯᠠᠬᠤ ᠪᠤᠳᠠᠳᠠᠢ ᠠᠷᠭ᠎ᠠ ᠵᠠᠮ ᠢ ᠬᠠᠢᠨ ᠰᠢᠨᠵᠢᠯᠡᠭᠰᠡᠨ ᠪᠠᠢᠨ᠎ᠠ᠃ |