Title |
ᠤᠯᠠᠮᠵᠢᠯᠠᠯᠳᠤ ᠮᠠᠯᠵᠢᠬᠤ ᠰᠤᠶᠤᠯ ᠤᠨ ᠦᠪᠦᠷ ᠮᠤᠩᠭ᠋ᠤᠯ ᠤᠨ ᠲᠤᠰᠤᠨ ᠪᠤᠳᠤᠭ ᠤᠨ ᠵᠢᠷᠤᠭ ᠤᠨ ᠵᠤᠬᠢᠶᠠᠨ ᠪᠦᠳᠦᠭᠡᠯᠭᠡ ᠪᠠ ᠭᠤᠣ᠎ᠠ ᠲᠠᠭᠠᠰᠢᠶᠠᠯ ᠤᠨ ᠤᠨᠴᠠᠯᠢᠭ ᠲᠤ ᠦᠵᠡᠭᠦᠯᠦᠭᠰᠡᠨ ᠨᠦᠯᠦᠭᠡ |
Creator |
ᠪᠤᠤ ᠱᠤᠸᠠᠩ ᠮᠸᠢ |
Keyword |
ᠦᠪᠦᠷ ᠮᠤᠩᠭ᠋ᠤᠯ ᠤᠨ ᠲᠤᠰᠤᠨ ᠪᠤᠳᠤᠭ ᠤᠨ ᠵᠢᠷᠤᠭ; ᠵᠤᠬᠢᠶᠠᠨ ᠪᠦᠳᠦᠭᠡᠯᠭᠡ; ᠭᠤᠣ᠎ᠠ ᠲᠠᠭᠠᠰᠢᠶᠠᠯ ᠤᠨ ᠤᠨᠴᠠᠯᠢᠭ; ᠤᠯᠠᠮᠵᠢᠯᠠᠯᠳᠤ ᠮᠠᠯᠵᠢᠬᠤ ᠰᠤᠶᠤᠯ |
Abstract |
ᠮᠠᠯᠴᠢᠳ ᠤᠨ ᠤᠯᠠᠮᠵᠢᠯᠠᠯᠳᠤ ᠭᠤᠣ᠎ᠠ ᠲᠠᠭᠠᠰᠢᠶᠠᠯ ᠤᠨ ᠦᠵᠡᠯᠳᠡ ᠨᠢ ᠦᠪᠦᠷ ᠮᠤᠩᠭ᠋ᠤᠯ ᠤᠷᠤᠨ ᠤ ᠲᠤᠰᠤᠨ ᠪᠤᠳᠤᠭ ᠤᠨ ᠵᠢᠷᠤᠭ ᠤᠨ ᠭᠤᠣ᠎ᠠ ᠲᠠᠭᠠᠰᠢᠶᠠᠯ ᠤᠨ ᠬᠠᠨᠳᠤᠰᠢ ᠶᠢ ᠨᠦᠯᠦᠭᠡᠯᠡᠵᠦ᠂ ᠦᠪᠡᠷᠮᠢᠴᠡ ᠬᠡᠪ ᠨᠠᠮᠪᠠ ᠪᠦᠬᠦᠢ ᠦᠪᠦᠷ ᠮᠤᠩᠭ᠋ᠤᠯ ᠤᠷᠤᠨ ᠤ ᠲᠤᠰᠤᠨ ᠪᠤᠳᠤᠭ ᠤᠨ ᠵᠢᠷᠤᠭ ᠪᠠ ᠰᠢᠨ᠎ᠡ ᠤᠷᠤᠰᠬᠠᠯ ᠪᠦᠯᠦᠭ ᠢ ᠪᠤᠢ ᠪᠤᠯᠭᠠᠨ᠂ ᠪᠦᠬᠦ ᠤᠯᠤᠰ ᠤᠨ ᠬᠡᠪᠴᠢᠶᠡᠨ ᠳᠤ ᠴᠤᠯᠭᠤᠷᠠᠨ ᠭᠠᠷᠬᠤ ᠳᠤ ᠬᠦᠷᠭᠡᠵᠡᠢ᠃ ᠤᠯᠠᠮᠵᠢᠯᠠᠯᠳᠤ ᠮᠠᠯᠵᠢᠬᠤ ᠰᠤᠶᠤᠯ ᠨᠢ ᠴᠠᠭ ᠤᠨ ᠤᠳᠠᠭᠠᠨ ᠳᠤ ᠨᠡᠩ ᠤᠯᠠᠨ ᠨᠡᠩ ᠰᠢᠯᠢᠳᠡᠭ ᠲᠤᠰᠤᠨ ᠪᠤᠳᠤᠭ ᠤᠨ ᠵᠢᠷᠤᠭᠴᠢ ᠪᠠ ᠲᠤᠰᠤᠨ ᠪᠤᠳᠤᠭ ᠤᠨ ᠵᠢᠷᠤᠭ ᠤᠨ ᠪᠦᠳᠦᠭᠡᠯ ᠢ ᠮᠡᠨᠳᠦᠯᠡᠭᠦᠯᠬᠦ ᠨᠢ ᠯᠠᠪᠳᠠᠢ᠃ |
Original Literature |
View Original Paper
|
出自 |
内蒙古社会科学(蒙文版)
2015年
第2期
|