Paper Information


Title ᠤᠷᠴᠢᠭᠤᠯᠭ᠎ᠠ ᠰᠤᠳᠤᠯᠤᠯ ᠤᠷᠤᠰᠬᠠᠯ ᠪᠦᠯᠦᠭ ᠤᠨ ᠲᠤᠬᠠᠢ ᠦᠭᠦᠯᠡᠬᠦ ᠨᠢ (ᠲᠠᠪᠤ)- ᠰᠤᠶᠤᠯ ᠤᠨ ᠡᠷᠭᠢᠯᠳᠡ
Creator ᠸᠸᠨ ᠢᠩ
Keyword ᠤᠷᠴᠢᠭᠤᠯᠭ᠎ᠠ ᠰᠤᠳᠤᠯᠤᠯ ᠤᠷᠤᠰᠬᠠᠯ ᠪᠦᠯᠦᠭ; ᠰᠤᠶᠤᠯ; ᠡᠷᠭᠢᠯᠳᠡ
Abstract ᠬᠤᠯᠮᠤᠰ ᠡᠴᠡ ᠽᠤᠬᠠᠷ᠂ ᠲᠦᠷᠸᠢ ᠬᠦᠷᠳᠡᠯᠡᠬᠢ ᠤᠷᠴᠢᠭᠤᠯᠭ᠎ᠠ ᠰᠤᠳᠤᠯᠤᠯ ᠤᠷᠤᠰᠬᠠᠯ ᠪᠦᠯᠦᠭ ᠤᠨ ᠡᠷᠳᠡᠮᠳᠡᠳ ᠰᠤᠶᠤᠯ ᠤᠨ ᠡᠯᠸᠮᠸᠨ᠋ᠲ᠋ ᠢ ᠨᠢᠭᠡᠨᠳᠡ ᠰᠤᠳᠤᠯᠭᠠᠨ ᠤ ᠬᠠᠷᠠᠭᠠᠨ ᠳᠠᠭᠠᠨ ᠠᠪᠤᠭᠰᠠᠨ ᠪᠠᠢ᠌ᠯ᠎ᠠ᠃ 20 ᠳ᠋ᠤᠭᠠᠷ ᠵᠠᠭᠤᠨ ᠤ 90 ᠭᠡᠳ ᠤᠨ ᠪᠤᠯᠬᠤ ᠳᠤ ᠡᠷᠳᠡᠮᠳᠡᠳ ᠤᠭ ᠭᠡᠯᠡ᠂ ᠤᠷᠴᠢᠭᠤᠯᠭ᠎ᠠ ᠶᠢᠨ ᠬᠡᠯᠡ᠂ ᠰᠤᠶᠤᠯ ᠭᠡᠬᠦ ᠭᠤᠷᠪᠠᠯᠠᠭᠰᠠᠨ ᠬᠠᠷᠢᠴᠠᠭᠠᠨ ᠤ ᠠᠰᠠᠭᠤᠳᠠᠯ ᠢ ᠰᠤᠳᠤᠯᠬᠤ ᠬᠦᠷᠢᠶᠡᠨ ᠳᠡᠭᠡᠨ ᠬᠠᠮᠤᠷᠬᠤ ᠪᠤᠯᠤᠭᠰᠠᠨ ᠨᠢ ᠤᠷᠴᠢᠭᠤᠯᠭ᠎ᠠ ᠰᠤᠳᠤᠯᠤᠯ ᠤᠨ ᠰᠤᠶᠤᠯ ᠤᠨ ᠡᠷᠭᠢᠯᠳᠡ ᠶᠢᠨ ᠴᠠᠭ ᠦᠶ᠎ᠡ ᠡᠬᠢᠯᠡᠭᠰᠡᠨ ᠢ ᠬᠠᠷᠠᠭᠤᠯᠵᠤ ᠪᠠᠢ᠌ᠨ᠎ᠠ᠃ ᠡᠨᠡ ᠦᠶ᠎ᠡ ᠡᠴᠡ ᠰᠤᠳᠤᠯᠤᠭᠴᠢᠳ ᠤᠷᠴᠢᠭᠤᠯᠭ᠎ᠠ ᠶᠢ ᠰᠤᠶᠤᠯ ᠤᠨ ᠦᠵᠡᠭᠳᠡᠯ ᠬᠡᠮᠡᠨ ᠤᠷᠴᠢᠭᠤᠯᠭ᠎ᠠ ᠳᠤ ᠬᠤᠯᠪᠤᠭᠳᠠᠬᠤ ᠨᠡᠢ᠌ᠭᠡᠮ ᠰᠤᠶᠤᠯ ᠤᠨ ᠠᠰᠠᠭᠤᠳᠠᠯ ᠢ ᠴᠢᠬᠤᠯᠠᠴᠢᠯᠠᠨ ᠰᠤᠳᠤᠯᠬᠤ ᠪᠤᠯᠤᠭᠰᠠᠨ ᠨᠢ ᠤᠷᠴᠢᠭᠤᠯᠭ᠎ᠠ ᠰᠤᠳᠤᠯᠤᠯ ᠢ ᠰᠤᠶᠤᠯ ᠲᠠᠢ ᠤᠯᠠᠮ ᠢᠳᠡᠭᠡᠰᠢᠭᠦᠯᠦᠨ ᠤᠯᠠᠮᠵᠢᠯᠠᠯᠳᠤ ᠤᠷᠴᠢᠭᠤᠯᠭ᠎ᠠ ᠰᠤᠳᠤᠯᠤᠯ ᠤᠨ ᠬᠤᠶᠠᠷ ᠬᠡᠯᠡᠨ ᠤ ᠲᠤᠬᠢᠷᠠᠯᠴᠠᠭ᠎ᠠ᠂ ᠤᠷᠴᠢᠭᠤᠯᠭ᠎ᠠ ᠶᠢᠨ ᠪᠠᠷᠢᠮᠵᠢᠶ᠎ᠠ᠂ ᠤᠷᠴᠢᠭᠤᠯᠬᠤ ᠠᠷᠭ᠎ᠠ ᠵᠡᠷᠭᠡ ᠲᠦᠭᠦᠮᠬᠡᠨ ᠰᠤᠳᠤᠯᠭᠠᠨ ᠳᠤ ᠲᠦᠪᠯᠡᠷᠡᠵᠦ ᠪᠠᠢ᠌ᠭᠰᠠᠨ ᠡᠴᠡ ᠵᠤᠭᠢᠶᠠᠯ ᠪᠤᠯᠤᠨ ᠵᠤᠬᠢᠶᠠᠭᠴᠢ᠂ ᠤᠷᠴᠢᠭᠤᠯᠤᠭᠰᠠᠨ ᠵᠤᠬᠢᠶᠠᠯ ᠪᠤᠯᠤᠨ ᠤᠷᠴᠢᠭᠤᠯᠤᠭᠴᠢ ᠶᠢᠨ ᠲᠠᠯᠳᠠ ᠪᠠᠢ᠌ᠭ᠎ᠠ ᠬᠦᠴᠦᠨ᠄ ᠦᠵᠡᠯ ᠤᠬᠠᠮᠰᠠᠷ ᠤᠨ ᠬᠡᠯᠡᠪᠷᠢ᠂ ᠰᠢᠯᠦᠭ ᠵᠦᠢ ᠶᠢᠨ ᠦᠵᠡᠯᠳᠡ᠂ ᠡᠷᠬᠡ᠂ ᠤᠯᠤᠰ ᠲᠦᠷᠦ ᠵᠡᠷᠭᠡ ᠶᠢᠨ ᠤᠬᠠᠮᠰᠠᠷ ᠲᠠᠢ ᠪᠤᠶᠤ ᠤᠬᠠᠮᠰᠠᠷ ᠦᠭᠡᠢ ᠪᠡᠷ ᠤᠷᠴᠢᠭᠤᠯᠭ᠎ᠠ ᠶᠢ ᠨᠦᠯᠦᠭᠡᠯᠡᠳᠡᠭ ᠡᠯᠸᠮᠸᠨ᠋ᠲ᠋ ᠢ ᠪᠠᠭᠳᠠᠭᠠᠨ ᠰᠤᠳᠤᠯᠬᠤ ᠪᠤᠯᠤᠭᠰᠠᠨ ᠨᠢ ᠤᠷᠴᠢᠭᠤᠯᠭ᠎ᠠ ᠰᠤᠳᠤᠯᠤᠯ ᠢ ᠤᠯᠠᠨ ᠡᠰᠢᠳᠦ ᠰᠢᠨᠵᠢ᠂ ᠨᠡᠭᠡᠭᠡᠯᠳᠡᠳᠦ ᠰᠢᠨᠵᠢ ᠲᠠᠢ ᠰᠤᠳᠤᠯᠭᠠᠨ ᠪᠤᠯᠭᠠᠭᠰᠠᠨ ᠪᠠᠢ᠌ᠨ᠎ᠠ᠃
Original Literature View Original Paper
出自 中国蒙古学 2012年 第1期

联系我们


内蒙古大学图书馆
呼和浩特市大学西路235号
中国·内蒙古
P: (0471) 4992561
E: huangfeilong@imu.edu.cn