Paper Information


Title ᠮᠤᠩᠭ᠋ᠤᠯ ᠠᠷᠠᠳ ᠤᠨ ᠠᠮᠠᠨ ᠵᠤᠬᠢᠶᠠᠯ ᠤᠨ ᠠᠮᠢ ᠠᠬᠤᠢ ᠶᠢᠨ ᠤᠬᠠᠮᠰᠠᠷ ᠤᠨ ᠡᠭᠦᠰᠦᠯ ᠪᠦᠷᠢᠯᠳᠦᠯ ᠵᠢᠴᠢ ᠲᠡᠭᠦᠨ ᠤ ᠢᠯᠡᠷᠡᠯ
Creator ᠤᠳᠤᠨᠴᠢᠮᠡᠭ
Keyword ᠮᠤᠩᠭ᠋ᠤᠯ ᠠᠷᠠᠳ ᠤᠨ ᠠᠮᠠᠨ ᠵᠤᠬᠢᠶᠠᠯ; ᠠᠮᠢ ᠠᠬᠤᠢ ᠶᠢᠨ ᠤᠬᠠᠮᠰᠠᠷ; ᠤᠷᠴᠢᠨ ᠲᠤᠭᠤᠷᠢᠨ
Abstract ᠮᠤᠩᠭ᠋ᠤᠯ ᠠᠷᠠᠳ ᠤᠨ ᠠᠮᠠᠨ ᠵᠤᠬᠢᠶᠠᠯ ᠤᠨ ᠠᠮᠢ ᠠᠬᠤᠢ ᠶᠢᠨ ᠤᠬᠠᠮᠰᠠᠷ ᠨᠢ ᠮᠤᠩᠭ᠋ᠤᠯᠴᠤᠳ ᠠᠮᠠᠨ ᠵᠤᠬᠢᠶᠠᠯ ᠪᠦᠳᠦᠭᠡᠭ᠍ᠳᠡᠬᠦ ᠲᠠᠢ ᠵᠡᠷᠭᠡ ᠭᠤᠤᠯ ᠠᠭᠤᠯᠤᠭᠳᠠᠬᠤᠨ ᠪᠤᠯᠤᠭᠰᠠᠨ ᠪᠠᠢ᠌ᠨ᠎ᠠ᠃ ᠠᠮᠢ ᠠᠬᠤᠢ ᠶᠢᠨ ᠤᠬᠠᠮᠰᠠᠷ ᠪᠤᠯ ᠦᠨᠳᠦᠰᠦᠳᠡᠨ ᠤ ᠰᠤᠶᠤᠯ ᠳᠤ ᠨᠦᠯᠦᠭᠡᠯᠡᠭᠳᠡᠵᠦ᠂ ᠦᠪᠡᠷ ᠤᠨ ᠦᠨᠳᠦᠰᠦᠳᠡᠨ ᠤ ᠪᠠᠨ ᠰᠤᠶᠤᠯ ᠤᠨ ᠰᠢᠮ᠎ᠡ ᠲᠡᠵᠢᠭᠡᠯ ᠢ ᠬᠦᠷᠳᠡᠭᠰᠡᠨ ᠠᠷᠠᠳ ᠲᠦᠮᠡᠨ ᠤ ᠰᠠᠨᠠᠭᠠᠨ ᠤ ᠠᠶ᠎ᠠ ᠪᠡᠷ ᠢᠯᠡᠷᠡᠭᠰᠡᠨ ᠤᠬᠠᠮᠰᠠᠷ ᠪᠤᠯᠬᠤ ᠶᠤᠮ᠃ ᠠᠮᠢ ᠠᠬᠤᠢ ᠶᠢᠨ ᠶᠤᠰᠤ ᠵᠦᠢ ᠶᠢᠨ ᠡᠭᠦᠳᠡᠨ ᠡᠴᠡ ᠰᠢᠨᠵᠢᠯᠡᠪᠡᠯ᠂ ᠮᠤᠩᠭ᠋ᠤᠯ ᠤᠨ ᠦᠨᠳᠤᠷᠯᠢᠭ᠌ ᠤᠨ ᠪᠠᠢ᠌ᠭᠠᠯᠢ ᠶᠢᠨ ᠤᠷᠴᠢᠨ ᠲᠤᠭᠤᠷᠢᠨ᠂ ᠮᠤᠩᠭ᠋ᠤᠯᠴᠤᠳ ᠤᠨ ᠪᠠᠢ᠌ᠭᠠᠯᠢᠯᠢᠭ ᠲᠠᠨᠢᠯᠳᠠ ᠰᠡᠳᠭᠢᠬᠦᠢ᠂ ᠪᠠᠢ᠌ᠭᠠᠯᠢ ᠳᠤ ᠲᠦᠰᠢᠭᠯᠡᠭᠰᠡᠨ ᠤᠯᠠᠮᠵᠢᠯᠠᠯᠳᠤ ᠨᠡᠭᠦᠳᠡᠯ ᠮᠠᠯᠵᠢᠯ ᠤᠨ ᠠᠵᠤ ᠠᠬᠤᠢ ᠨᠢ ᠮᠤᠩᠭ᠋ᠤᠯ ᠠᠷᠠᠳ ᠤᠨ ᠠᠮᠠᠨ ᠵᠤᠬᠢᠶᠠᠯ ᠤᠨ ᠠᠮᠢ ᠠᠬᠤᠢ ᠶᠢᠨ ᠤᠬᠠᠮᠰᠠᠷ ᠤᠨ ᠡᠭᠦᠰᠦᠨ ᠪᠦᠷᠢᠯᠳᠦᠬᠦ ᠨᠦᠭᠦᠴᠡᠯ ᠪᠤᠯᠵᠤ᠂ ᠮᠤᠩᠭ᠋ᠤᠯᠴᠤᠳ ᠤᠨ ᠲᠡᠯᠡᠬᠡᠢ ᠳᠤ ᠬᠤᠤᠰ ᠦᠭᠡᠢ ᠠᠮᠢ ᠠᠬᠤᠢ ᠶᠢᠨ ᠤᠬᠠᠮᠰᠠᠷ ᠨᠢ ᠠᠶᠠᠨᠳᠠᠭᠠᠨ ᠦᠪᠡᠷ ᠤᠨ ᠦᠨᠳᠦᠰᠦᠳᠡᠨ ᠤ ᠠᠮᠠᠨ ᠵᠤᠬᠢᠶᠠᠯ ᠳᠤ ᠦᠪᠡᠷᠮᠢᠴᠡ ᠬᠡᠯᠪᠡᠷᠢ ᠪᠡᠷ ᠢᠯᠡᠳᠭᠡᠭ᠍ᠳᠡᠨ᠂ ᠦᠨᠳᠦᠰᠦᠯᠯᠡᠨ ᠨᠡᠪᠴᠢᠵᠦ᠂ ᠤᠯᠠᠮᠵᠢᠯᠠᠭᠳᠠᠨ ᠵᠠᠯᠭᠠᠮᠵᠢᠯᠠᠭᠳᠠᠭᠰᠠᠨ ᠪᠠᠢ᠌ᠨ᠎ᠠ᠃
Original Literature View Original Paper
出自 西北民族大学学报 2015年 第2期

联系我们


内蒙古大学图书馆
呼和浩特市大学西路235号
中国·内蒙古
P: (0471) 4992561
E: huangfeilong@imu.edu.cn