Paper Information


Title ᠮᠤᠩᠭ᠋ᠤᠯ ᠠᠨᠠᠭᠠᠬᠤ ᠤᠬᠠᠭᠠᠨ ᠤ ᠰᠤᠪᠢᠯᠠᠯᠳᠠ ᠶᠢᠨ ᠲᠡᠦᠬᠡ ᠶᠢᠨ ᠲᠤᠬᠠᠢ ᠲᠤᠪᠴᠢ ᠦᠭᠦᠯᠡᠬᠦ ᠨᠢ
Creator ᠪᠠᠳᠮᠠᠴᠡᠴᠡᠭ; ᠪᠤᠶᠠᠨᠳᠤ
Keyword ᠮᠤᠩᠭ᠋ᠤᠯ ᠠᠨᠠᠭᠠᠬᠤ ᠤᠬᠠᠭᠠᠨ; ᠰᠤᠪᠢᠯᠠᠯᠳᠠ; ᠲᠡᠦᠬᠡ
Abstract ᠮᠤᠩᠭ᠋ᠤᠯ ᠠᠨᠠᠭᠠᠬᠤ ᠤᠬᠠᠭᠠᠨ ᠤ ᠰᠤᠪᠢᠯᠠᠯᠳᠠ ᠪᠤᠯ ᠮᠤᠩᠭ᠋ᠤᠯ ᠠᠨᠠᠭᠠᠬᠤ ᠤᠬᠠᠭᠠᠨ ᠤ ᠨᠢᠭᠡᠨ ᠴᠢᠬᠤᠯᠠ ᠪᠦᠷᠢᠯᠳᠦᠬᠦᠨ ᠨᠢ ᠮᠦᠨ ᠪᠦᠭᠡᠳ ᠲᠡᠭᠦᠨ ᠤ ᠡᠭᠦᠰᠦᠯ ᠬᠦᠭ᠍ᠵᠢᠯ ᠨᠢ ᠪᠦᠬᠦᠢ᠌ᠯᠡ ᠮᠤᠩᠭ᠋ᠤᠯ ᠠᠨᠠᠭᠠᠬᠤ ᠤᠬᠠᠭᠠᠨ ᠤ ᠡᠭᠦᠰᠦᠯ ᠬᠦᠭ᠍ᠵᠢᠯᠳᠡ ᠲᠠᠢ ᠰᠢᠭᠤᠳ ᠬᠤᠯᠪᠤᠭ᠎ᠠ ᠲᠠᠢ ᠶᠤᠮ᠃ ᠮᠤᠩᠭ᠋ᠤᠯ ᠠᠨᠠᠭᠠᠬᠤ ᠤᠬᠠᠭᠠᠨ ᠤ ᠰᠤᠪᠢᠯᠠᠯᠳᠠ ᠨᠢ ᠮᠤᠩᠭ᠋ᠤᠯᠴᠤᠳ ᠤᠨ ᠡᠪᠡᠳᠴᠢᠨ ᠡᠮᠭᠡᠭ᠌ ᠲᠠᠢ ᠲᠡᠮᠡᠴᠡᠭᠰᠡᠨ ᠤᠷᠳᠤ ᠤᠳᠠᠭᠠᠨ ᠦᠢᠯᠡᠳᠦᠯᠭᠡ ᠶᠢᠨ ᠲᠤᠮᠳᠠ ᠡᠴᠡ ᠪᠤᠢ ᠪᠤᠯᠵᠤ᠂ ᠨᠡᠢ᠌ᠭᠡᠮ ᠤᠨ ᠬᠦᠭ᠍ᠵᠢᠯᠳᠡ ᠶᠢ ᠲᠠᠭᠠᠯᠳᠤᠨ ᠲᠠᠰᠤᠷᠠᠯᠳᠠ ᠦᠭᠡᠢ ᠦᠰᠦᠨ ᠪᠤᠵᠠᠭᠠᠢ᠌ᠷᠠᠵᠤ ᠢᠷᠡᠵᠡᠢ᠃ ᠮᠤᠩᠭ᠋ᠤᠯ ᠠᠨᠠᠭᠠᠬᠤ ᠤᠬᠠᠭᠠᠨ ᠤ ᠰᠤᠪᠢᠯᠠᠯᠳᠠ ᠨᠢ ᠮᠤᠩᠭ᠋ᠤᠯ ᠠᠨᠠᠭᠠᠬᠤ ᠤᠬᠠᠭᠠᠨ ᠤ ᠦᠨᠳᠦᠰᠦᠨ ᠤᠨᠤᠯ ᠶᠢᠡᠷ ᠵᠢᠯᠤᠭᠤᠳᠤᠯᠭ᠎ᠠ ᠪᠤᠯᠭᠠᠵᠤ ᠪᠦᠬᠦᠯᠢ ᠴᠤᠭᠴᠠᠳᠤ ᠦᠵᠡᠯᠳᠡ ᠶᠢ ᠪᠠᠷᠢᠮᠳᠠᠯᠠᠨ᠂ ᠡᠪᠡᠳᠴᠢᠳᠡᠨ ᠤ ᠪᠡᠶ᠎ᠡ ᠰᠡᠳᠭᠢᠯ ᠤᠨ ᠡᠷᠡᠭᠦᠯ ᠮᠡᠨᠳᠤ ᠶᠢ ᠬᠠᠮᠳᠤ ᠳᠤ ᠨᠢ ᠴᠢᠬᠤᠯᠠᠴᠢᠯᠠᠨ᠂ ᠢᠳᠡᠭᠡᠨ ᠤᠮᠳᠠᠭᠠᠨ ᠤ ᠵᠤᠬᠢᠴᠠᠭᠤᠯᠭ᠎᠎ᠠ ᠪᠡᠷ ᠪᠡᠶ᠎ᠡ ᠮᠠᠬᠠᠪᠤᠳ ᠶᠢᠡᠨ ᠰᠢᠮᠡᠵᠢᠭᠦᠯᠦᠨ᠂ ᠬᠦᠮᠦᠨ ᠪᠠ ᠪᠠᠢ᠌ᠭᠠᠯᠢ ᠪᠤᠯᠤᠨ ᠨᠡᠢ᠌ᠭᠡᠮ ᠤᠨ ᠵᠤᠬᠢᠴᠠᠯ ᠢ ᠪᠠᠳᠤᠯᠠᠬᠤ ᠪᠡᠷ ᠲᠠᠮᠵᠢᠨ ᠡᠪᠡᠳᠴᠢᠨ ᠡᠮᠭᠡᠭ᠌ ᠢ ᠵᠠᠰᠠᠨ ᠰᠤᠪᠢᠯᠠᠳᠠᠭ ᠦᠪᠡᠷᠮᠢᠴᠡ ᠤᠨᠴᠠᠯᠢᠭ ᠲᠠᠢ ᠶᠤᠮ᠃ ᠪᠢᠳᠡ ᠮᠤᠩᠭ᠋ᠤᠯ ᠠᠨᠠᠭᠠᠬᠤ ᠤᠬᠠᠭᠠᠨ ᠤ ᠰᠤᠪᠢᠯᠠᠯᠳᠠ ᠶᠢᠨ ᠲᠡᠦᠬᠡᠨ ᠬᠦᠭ᠍ᠵᠢᠯᠳᠡ ᠶᠢᠨ ᠶᠠᠪᠤᠴᠠ ᠶᠢ ᠶᠡᠬᠡ ᠲᠦᠯᠦᠪ ᠡᠭᠦᠰᠴᠦ ᠪᠤᠢ ᠪᠤᠯᠤᠭᠰᠠᠨ ᠶᠠᠪᠤᠴᠠ᠂ ᠤᠨᠤᠯᠵᠢᠭᠰᠠᠨ ᠶᠠᠪᠤᠴᠠ᠂ ᠤᠳᠤᠬᠢ ᠪᠠᠢ᠌ᠳᠠᠯ ᠪᠠ ᠢᠡᠷᠡᠭᠡᠳᠦᠢ ᠶᠢᠨ ᠬᠦᠭ᠍ᠵᠢᠯᠳᠡ ᠶᠢᠨ ᠬᠠᠨᠳᠤᠰᠢ ᠭᠡᠬᠦ ᠬᠡᠳᠦᠨ ᠲᠠᠯ᠎ᠠ ᠪᠡᠷ ᠲᠠᠢ᠌ᠯᠪᠤᠷᠢᠯᠠᠨ ᠦᠭᠦᠯᠡᠵᠡᠢ᠃
Original Literature View Original Paper
出自 内蒙古民族大学学报(蒙医药学) 2014年 第1期

联系我们


内蒙古大学图书馆
呼和浩特市大学西路235号
中国·内蒙古
P: (0471) 4992561
E: huangfeilong@imu.edu.cn