Paper Information


Title ᠪᠠᠷᠠᠭᠤᠨ ᠣᠷᠤᠨ ᠤ ᠰᠤᠷᠭᠠᠨ ᠬᠦᠮᠦᠵᠢᠯ ᠦᠨ ᠣᠳᠣᠬᠢᠴᠢᠯᠠᠯᠲᠠ ᠳᠤ ᠣᠷᠤᠰᠢᠵᠤ ᠪᠠᠢᠭ᠎ᠠ ᠠᠩᠬᠠᠷᠤᠭᠤᠰᠢᠲᠠᠢ ᠬᠡᠳᠦᠨ ᠠᠰᠠᠭᠤᠳᠠᠯ
Creator ᠪᠦᠬᠡ
Keyword ᠪᠠᠷᠠᠭᠤᠨ ᠣᠷᠤᠨ ᠤ ᠰᠤᠷᠭᠠᠨ ᠬᠦᠮᠦᠵᠢᠯ; ᠣᠳᠣᠬᠢᠴᠢᠯᠠᠯᠲᠠ; ᠨᠡᠢᠭᠡᠮ ᠦᠨ ᠬᠦᠭᠵᠢᠯᠲᠡ
Abstract ᠰᠤᠷᠭᠠᠨ ᠬᠦᠮᠦᠵᠢᠯ ᠪᠤᠯ ᠦᠪᠡᠷ ᠦᠨ ᠬᠦᠭᠵᠢᠯᠲᠡ ᠶᠢᠨ ᠵᠢᠮ᠎ᠡ ᠲᠡᠢ ᠨᠡᠢᠭᠡᠮ ᠦᠨ ᠦᠵᠡᠭᠳᠡᠯ ᠮᠦᠨ᠃ ᠨᠡᠢᠭᠡᠮ ᠬᠢᠭᠡᠳ ᠰᠤᠷᠭᠠᠨ ᠬᠦᠮᠦᠵᠢᠯ ᠦᠨ ᠬᠠᠷᠢᠴᠠᠭ᠎ᠠ ᠪᠤᠯ ᠵᠢᠮ᠎ᠡ ᠶᠢᠨ ᠬᠢᠨᠢ ᠨᠢᠭᠡ ᠲᠠᠯ᠎ᠠ ᠨᠢ ᠪᠤᠯᠤᠨ᠎ᠠ᠃ ᠪᠠᠷᠠᠭᠤᠨ ᠣᠷᠤᠨ ᠤ ᠰᠤᠷᠭᠠᠨ ᠬᠦᠮᠦᠵᠢᠯ ᠨᠢ ᠪᠠᠷᠠᠭᠤᠨ ᠣᠷᠤᠨ ᠤ ᠪᠦᠬᠦᠢᠯᠡ ᠨᠡᠢᠭᠡᠮ ᠦᠨ ᠪᠠᠢᠳᠠᠯ ᠳᠤ ᠲᠤᠬᠢᠷᠠᠯᠴᠠᠨ ᠬᠤᠴᠤᠷᠤᠩᠭᠤᠢ ᠪᠠᠢᠬᠤ ᠨᠢ ᠵᠠᠢᠯᠠᠰᠢ ᠦᠭᠡᠢ᠂ ᠪᠠᠷᠠᠭᠤᠨ ᠣᠷᠤᠨ ᠢ ᠶᠡᠬᠡ ᠪᠡᠷ ᠨᠡᠭᠡᠭᠡᠬᠦ ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠳᠤᠤᠷ᠎ᠠ᠂ ᠬᠦᠭᠵᠢᠯᠲᠡ ᠶᠢᠨ ᠡᠷᠢᠨ ᠢ ᠣᠯᠵᠤ ᠬᠦᠷᠲᠡᠭᠰᠡᠨ ᠳᠡᠭᠡᠨ ᠰᠤᠷᠭᠠᠨ ᠬᠦᠮᠦᠵᠢᠯ ᠦᠨ ᠣᠳᠣᠬᠢᠴᠢᠯᠠᠯᠲᠠ ᠳᠤ ᠬᠡᠳᠦᠨ ᠲᠠᠯ᠎ᠠ ᠶᠢᠨ ᠠᠰᠠᠭᠤᠳᠠᠯ ᠢ ᠡᠷᠬᠡᠪᠰᠢ ᠠᠩᠬᠠᠷᠬᠤ ᠴᠢᠬᠤᠯᠠ ᠲᠠᠢ᠃ ᠳᠠᠷᠤᠢ ᠰᠤᠷᠭᠠᠨ ᠬᠦᠮᠦᠵᠢᠯ ᠦᠨ ᠣᠷᠤᠢ ᠬᠦᠭᠵᠢᠭᠰᠡᠨ ᠠᠰᠢᠭ ᠲᠠᠢ ᠲᠠᠯ᠎ᠠ ᠶᠢ ᠭᠦᠢᠴᠡᠳ ᠪᠠᠳᠠᠷᠠᠭᠤᠯᠬᠤ᠂ ᠰᠤᠷᠭᠠᠨ ᠬᠦᠮᠦᠵᠢᠯ ᠦᠨ ᠡᠷᠬᠡ ᠲᠡᠭᠰᠢ ᠬᠢᠭᠡᠳ ᠦᠷ᠎ᠡ ᠪᠦᠲᠦᠮᠵᠢ ᠶᠢᠨ ᠬᠠᠷᠢᠴᠠᠭ᠎ᠠ ᠶᠢ ᠵᠦᠪ ᠰᠢᠢᠳᠪᠦᠷᠢᠯᠡᠬᠦ᠂ ᠰᠤᠷᠭᠠᠨ ᠬᠦᠮᠦᠵᠢᠯ ᠦᠨ ᠤᠯᠠᠮᠵᠢᠯᠠᠯᠲᠤ ᠴᠢᠨᠠᠷ ᠬᠢᠭᠡᠳ ᠣᠳᠣᠬᠢᠴᠢ ᠴᠢᠨᠠᠷ ᠢ ᠢᠯᠭᠠᠨ ᠠᠰᠢᠭᠯᠠᠬᠤ᠂ ᠰᠤᠷᠭᠠᠨ ᠬᠦᠮᠦᠵᠢᠯ ᠦᠨ ᠣᠳᠣᠬᠢᠴᠢᠯᠠᠯᠲᠠ ᠶᠢ ᠨᠡᠢᠭᠡᠮ ᠦᠨ ᠪᠦᠬᠦᠢᠯᠡ ᠴᠤᠭᠴᠠ ᠶᠢᠨ ᠣᠳᠣᠬᠢᠴᠢᠯᠠᠯᠲᠠ ᠲᠠᠢ ᠨᠢᠭᠲᠠ ᠤᠶᠠᠯᠳᠤᠭᠤᠯᠬᠤ ᠵᠡᠷᠭᠡ ᠪᠤᠯᠤᠨ᠎ᠠ᠃
Original Literature No Original Paper
出自 内蒙古民族大学学报(社会科学) 2003年 第4期

联系我们


内蒙古大学图书馆
呼和浩特市大学西路235号
中国·内蒙古
P: (0471) 4992561
E: huangfeilong@imu.edu.cn