Abstract |
ᠦᠭᠦᠯᠡᠯ ᠳᠤ ᠮᠣᠩᠭ᠋ᠤᠯ ᠬᠠᠭᠠᠨᠲᠤ ᠤᠯᠤᠰ ᠤᠨ ᠦᠶ ᠡ ᠳᠤ ᠨᠣᠮ ᠪᠢᠴᠢᠭ᠌ ᠢ ᠬᠠᠭᠠᠨ ᠤ ᠣᠷᠳᠤᠨ ᠳᠤ ᠡᠷᠬᠢᠮᠯᠠᠨ ᠬᠠᠳᠠᠭᠠᠯᠠᠵᠤ᠂ ᠴᠢᠬᠤᠯᠠᠲᠠᠢ ᠦᠶᠡᠰ ᠠᠪᠴᠦ ᠭᠠᠷᠭᠠᠵᠤ ᠣᠩᠰᠢᠨ ᠠᠰᠢᠭᠯᠠᠵᠤ ᠪᠠᠢᠢᠭᠰᠠᠨ ᠶᠠᠪᠤᠳᠠᠯ ᠢ ᠵᠠᠳᠠᠯᠤᠨ ᠰᠢᠨᠵᠢᠯᠡᠬᠦ ᠪᠡᠷ ᠲᠠᠮᠵᠢᠵᠤ᠂ ᠡᠷᠲᠡ ᠦᠶ ᠡ ᠶᠢᠨ ᠮᠣᠩᠭ᠋ᠤᠯᠴᠤᠳ ᠤᠨ ᠨᠣᠮ ᠬᠠᠳᠠᠭᠠᠯᠠᠬᠤ ᠤᠬᠠᠮᠰᠠᠷ ᠪᠠ ᠮᠣᠩᠭ᠋ᠤᠯᠴᠤᠳ ᠤᠨ ᠠᠩᠬᠠᠨ ᠤ ᠨᠣᠮ ᠤᠨ ᠰᠠᠩ ᠤᠨ ᠡᠭᠦᠰᠦᠯ ᠤᠨ ᠲᠣᠬᠠᠢ ᠦᠪᠡᠷ ᠤᠨ ᠦᠵᠯᠲᠡ ᠪᠠᠨ ᠲᠤᠷᠠᠳᠴᠠᠢ᠃ ᠭᠡᠬᠦ ᠳᠡᠭᠡᠨ 13 ᠳ᠋ᠤᠭᠠᠷ ᠵᠠᠭᠤᠨ ᠤ ᠮᠣᠩᠭ᠋ᠤᠯ ᠬᠠᠭᠠᠨᠲᠤ ᠤᠯᠤᠰ ᠤᠨ ᠦᠶ ᠡ ᠳᠤ ᠮᠣᠩᠭ᠋ᠤᠯ ᠤᠨ ᠬᠠᠭᠠᠨ ᠤ ᠣᠷᠳᠤᠨ ᠳᠤ ᠴᠢᠬᠤᠯᠠ ᠨᠣᠮ ᠪᠢᠴᠢᠭ᠌ ᠢ ᠨᠠᠨᠳᠢᠩᠨᠠᠨ ᠪᠠᠢᠢᠭᠰᠠᠨ ᠪᠦᠭᠡᠳ ᠨᠡᠨ ᠨᠢ ᠵᠣᠬᠢᠬᠤ ᠬᠡᠮᠵᠢᠶᠡᠨ ᠤ ᠨᠣᠮ ᠤᠨ ᠰᠠᠩ ᠤᠨ ᠦᠢᠯᠡᠳᠦᠯ ᠢ ᠭᠠᠷᠭᠠᠵᠤ ᠪᠠᠢᠢᠭᠰᠠᠨ ᠭᠡᠵᠦ ᠦᠵᠡᠵᠡᠢ᠃ |