Paper Information


Title ᠮᠤᠩᠭ᠋ᠤᠯᠴᠤᠳ ᠤᠨ ᠬᠦᠮᠦᠨ ᠤ ᠪᠡᠶ᠎ᠡ ᠶᠢᠨ ᠪᠦᠳᠦᠴᠡ ᠶᠢᠨ ᠲᠤᠬᠠᠢ ᠲᠠᠨᠢᠯᠳᠠ ᠶᠢᠨ ᠲᠡᠦᠬᠡᠨ ᠤᠯᠠ ᠮᠦᠷ
Creator ᠪᠤᠤ ᠯᠦᠩ; ᠬᠦᠰᠡᠯ
Keyword ᠮᠤᠩᠭ᠋ᠤᠯ ᠦᠨᠳᠦᠰᠦᠳᠡᠨ; ᠬᠦᠮᠦᠨ ᠤ ᠪᠡᠶ᠎ᠡ ᠶᠢᠨ ᠪᠦᠳᠦᠴᠡ; ᠠᠨᠠᠭᠠᠬᠤ ᠤᠬᠠᠭᠠᠨ ᠤ ᠲᠡᠦᠬᠡ ᠰᠤᠳᠤᠯᠭ᠎ᠠ
Abstract ᠮᠤᠩᠭ᠋ᠤᠯᠴᠤᠳ ᠠᠯᠢ ᠡᠷᠳᠡᠨ ᠡᠴᠡ ᠮᠠᠯ ᠨᠢᠳᠤᠯᠬᠤ᠂ ᠠᠩ ᠭᠦᠷᠦᠭᠡ ᠬᠢᠬᠦ ᠠᠵᠤ ᠠᠮᠢᠳᠤᠷᠠᠯ ᠤᠨ ᠦᠢᠯᠡᠳᠦᠯᠭᠡ ᠲᠤᠮᠳᠠ ᠪᠠᠨ ᠠᠳᠤᠭᠤᠰᠤ ᠠᠮᠢᠳᠠᠨ ᠤ ᠪᠡᠶ᠎ᠡ ᠶᠢᠨ ᠪᠦᠳᠦᠴᠡ ᠶᠢᠨ ᠲᠤᠬᠠᠢ ᠮᠠᠰᠢ ᠪᠠᠶᠠᠯᠢᠭ ᠮᠡᠳᠡᠯᠭᠡ ᠶᠢ ᠬᠤᠷᠠᠮᠳᠤᠭᠤᠯᠵᠠᠢ᠃ ᠲᠡᠭᠦᠨ ᠶᠢᠡᠷ ᠶᠢᠡᠨ ᠵᠢᠱᠢᠭᠡᠳ ᠬᠦᠮᠦᠨ ᠤ ᠪᠡᠶ᠎ᠡ ᠶᠢᠨ ᠪᠦᠳᠦᠴᠡ ᠶᠢᠨ ᠲᠤᠬᠠᠢ ᠠᠩᠬ᠎ᠠ ᠠᠯᠬᠤᠮ ᠤᠨ ᠲᠦᠭᠦᠮ ᠲᠠᠨᠢᠯᠳᠠ ᠲᠠᠢ ᠪᠤᠯᠤᠭᠰᠠᠨ ᠶᠤᠮ᠃ ᠲᠡᠢ᠌᠌ᠮᠦᠷᠬᠦᠦ ᠠᠩᠬ᠎ᠠ ᠠᠯᠬᠤᠮ ᠤᠨ ᠪᠦᠳᠦᠭᠦᠯᠢᠭ᠌ ᠮᠡᠳᠡᠯᠭᠡ ᠨᠢ ᠡᠳᠦᠷ ᠢᠷᠡᠬᠦᠶ᠎ᠡ ᠨᠡᠮᠡᠭᠳᠡᠬᠦ ᠡᠮᠨᠡᠯᠭᠡ ᠶᠢᠨ ᠬᠦᠭ᠍ᠵᠢᠯᠳᠡ ᠶᠢᠨ ᠱᠠᠭᠠᠷᠳᠠᠯᠭ᠎ᠠ ᠶᠢ ᠬᠠᠩᠭ᠋ᠠᠵᠤ ᠴᠢᠳᠠᠬᠤ ᠦᠭᠡᠢ ᠪᠤᠯᠤᠭᠰᠠᠨ ᠲᠤᠯᠠ ᠬᠦᠮᠦᠨ ᠤ ᠬᠡᠭᠦᠷ ᠢ ᠵᠠᠳᠠᠯᠵᠤ ᠲᠤᠶᠠᠴᠢᠬᠤ ᠰᠢᠨᠵᠢᠯᠡᠭᠡ ᠬᠢᠬᠦ ᠪᠤᠯᠤᠭᠰᠠᠨ ᠨᠢ ᠶᠠᠳᠠᠬᠤ ᠳᠤ ᠪᠠᠨ 13 ᠳ᠋ᠤᠭᠠᠷ ᠵᠠᠭᠤᠨ ᠤ ᠦᠶ᠎ᠡ ᠪᠤᠶᠤ ᠲᠡᠭᠦᠨ ᠡᠴᠡ ᠡᠮᠦᠨ᠎ᠡ ᠡᠬᠢᠯᠡᠵᠡᠢ᠃ ᠡᠢ᠌ᠨ ᠬᠦ᠂ ᠮᠤᠩᠭ᠋ᠤᠯᠴᠤᠳ ᠬᠦᠮᠦᠨ ᠤ ᠪᠡᠶ᠎ᠡ ᠶᠢᠨ ᠲᠤᠬᠠᠢ ᠠᠯᠢ ᠤᠯᠠᠨ ᠲᠤᠰᠬᠠᠢ ᠮᠡᠷᠭᠡᠵᠢᠯ ᠤᠨ ᠨᠡᠷ᠎ᠡ ᠲᠤᠮᠢᠶ᠎ᠠ  ᠶᠢ ᠪᠦᠳᠦᠭᠡᠯᠴᠢ ᠪᠡᠷ ᠡᠭᠦᠳᠦᠭᠰᠡᠨ ᠪᠦᠭᠡᠳ ᠲᠡᠳᠡᠭᠡᠷ ᠲᠤ ᠨᠢ ᠦᠨᠳᠦᠰᠦᠳᠡᠨ ᠤ ᠦᠪᠡᠷᠮᠢᠴᠡ ᠤᠨᠴᠠᠯᠢᠭ ᠲᠤᠪᠤᠢ᠌ᠮ᠎ᠠ ᠢᠯᠡᠷᠡᠵᠦ ᠪᠠᠢ᠌ᠳᠠᠭ᠃ ᠡᠨᠡ ᠨᠢ ᠮᠤᠩᠭ᠋ᠤᠯ ᠠᠨᠠᠭᠠᠬᠤ ᠤᠬᠠᠭᠠᠨ ᠤ ᠤᠯᠠᠮᠵᠢᠯᠠᠯᠳᠤ ᠶᠠᠰᠤ ᠪᠠᠷᠢᠬᠤ᠂ ᠲᠠᠷᠢᠬᠢ ᠲᠤᠮᠨᠤᠬᠤ᠂ ᠬᠠᠨᠠᠬᠤ᠂ ᠲᠦᠭᠡᠨᠡᠬᠦ ᠵᠠᠰᠠᠯ ᠪᠠ ᠰᠢᠷᠬ᠎ᠠ ᠶᠢ ᠠᠨᠠᠭᠠᠬᠤ ᠡᠮᠴᠢᠯᠡᠭᠡ ᠲᠡᠭᠡᠷ᠎ᠡ ᠪᠠᠳᠤ ᠪᠡᠬᠢ ᠰᠠᠭᠤᠷᠢ ᠮᠡᠳᠡᠯᠭᠡ ᠪᠤᠯᠵᠤ ᠪᠠᠢ᠌ᠪᠠ᠃ 16 ᠳ᠋ᠤᠭᠠᠷ ᠵᠠᠭᠤᠨ ᠤ ᠲᠤᠮᠳᠠᠴᠢ ᠪᠡᠷ᠂ ᠡᠷᠳᠡᠨ ᠤ ᠡᠨᠡᠳᠭᠡᠭ᠌ ᠪᠠ ᠲᠦᠪᠡᠳ ᠠᠨᠠᠭᠠᠬᠤ ᠤᠬᠠᠭᠠᠨ ᠤ ᠵᠠᠷᠢᠮ ᠤᠨᠤᠯ ᠢ ᠰᠢᠩᠭᠡᠭᠡᠨ ᠠᠪᠤᠭᠰᠠᠨ ᠡᠴᠡ ᠤᠯᠠᠮ ᠨᠢᠭᠡ ᠠᠯᠬᠤᠮ ᠰᠢᠰᠲ᠋ᠸᠮᠵᠢᠵᠡᠢ᠃ 18 ᠳ᠋ᠤᠭᠠᠷ ᠵᠠᠭᠤᠨ ᠡᠴᠡ ᠡᠬᠢᠯᠡᠵᠦ ᠡᠸᠦ᠋ᠷᠦᠫᠡ ᠠᠨᠠᠭᠠᠬᠤ ᠤᠬᠠᠭᠠᠨ ᠤ ᠠᠨᠠᠲ᠋ᠤᠮᠢ ᠶᠢᠨ ᠰᠤᠳᠤᠯᠤᠯ ᠤᠨ ᠠᠭᠤᠯᠭ᠎ᠠ ᠨᠤᠭᠤᠳ ᠨᠢ ᠮᠤᠩᠭ᠋ᠤᠯ ᠤᠷᠤᠨ ᠳᠤ ᠤᠯᠠᠮᠵᠢᠯᠠᠭᠳᠠᠨ᠂ ᠮᠤᠩᠭ᠋ᠤᠯ ᠠᠨᠠᠭᠠᠬᠤ ᠤᠬᠠᠭᠠᠨ ᠤ ᠬᠦᠮᠦᠨ ᠤ ᠪᠡᠶ᠎ᠡ ᠶᠢᠨ ᠪᠦᠳᠦᠴᠡ ᠶᠢᠨ ᠮᠡᠳᠡᠯᠭᠡ ᠶᠢ ᠪᠠᠶᠠᠯᠢᠭᠵᠢᠭᠤᠯᠤᠨ ᠦᠷᠭᠡᠳᠭᠡᠭ᠍ᠰᠡᠨ ᠪᠠᠢ᠌ᠨ᠎ᠠ᠃ ᠢᠯᠠᠩᠭ᠋ᠤᠶ᠎ᠠ ᠴᠢᠯᠦᠭᠡᠯᠡᠭᠳᠡᠭᠰᠡᠨ ᠤ ᠲᠠᠷᠠᠭ᠎ᠠ᠂ ᠮᠤᠩᠭ᠋ᠤᠯ ᠠᠨᠠᠭᠠᠬᠤ ᠤᠬᠠᠭᠠᠨ ᠤ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠦᠭ᠍ᠵᠢᠯᠳᠡ ᠪᠠ ᠤᠳᠤ ᠦᠶ᠎ᠡ ᠶᠢᠨ ᠠᠨᠠᠲ᠋ᠤᠮᠢ ᠶᠢᠨ ᠤᠬᠠᠭᠠᠨ ᠤ ᠬᠦᠭ᠍ᠵᠢᠯᠳᠡ ᠶᠢ ᠲᠠᠭᠠᠯᠳᠤᠨ ᠬᠦᠮᠦᠨ ᠤ ᠪᠡᠶ᠎ᠡ ᠶᠢᠨ ᠲᠤᠬᠠᠢ ᠠᠭᠤᠯᠭ᠎ᠠ ᠨᠢ ᠮᠤᠩᠭ᠋ᠤᠯ ᠡᠮᠨᠡᠯᠭᠡ ᠶᠢᠨ ᠦᠨᠳᠦᠰᠦᠳᠨ ᠤᠨᠤᠯ ᠤᠨ ᠴᠢᠬᠤᠯᠠ ᠪᠦᠷᠢᠯᠳᠦᠬᠦᠨ ᠪᠤᠯᠵᠤ ᠮᠤᠩᠭ᠋ᠤᠯ ᠠᠨᠠᠭᠠᠬᠤ ᠤᠬᠠᠭᠠᠨ ᠤ ᠡᠮᠴᠢᠯᠡᠭᠡᠨ ᠤ ᠡᠯ᠎ᠡ ᠰᠠᠯᠠᠭᠠᠨ ᠳᠤ ᠵᠢᠯᠤᠭᠤᠳᠬᠤ ᠦᠢᠯᠡᠳᠦᠯ ᠦᠵᠡᠭᠦᠯᠵᠦ ᠪᠤᠢ᠃
Original Literature View Original Paper
出自 内蒙古民族大学学报(蒙医药学) 2013年 第2期

联系我们


内蒙古大学图书馆
呼和浩特市大学西路235号
中国·内蒙古
P: (0471) 4992561
E: huangfeilong@imu.edu.cn