Paper Information


Title ᠮᠣᠩᠭᠤᠯ ᠳᠤᠮᠳᠠᠳᠤ ᠰᠤᠷᠭᠠᠭᠤᠯᠢ ᠶᠢᠨ ᠰᠠᠭᠰᠤᠨ ᠪᠦᠮᠪᠦᠭᠡᠨ ᠦ ᠵᠢᠭᠠᠨ ᠰᠤᠷᠭᠠᠯᠲᠠ ᠳᠤ ᠲᠤᠭᠯᠠᠭᠠᠮ ᠬᠢᠭᠡᠳ ᠪᠤᠯᠪᠠᠰᠤᠷᠠᠬᠤ ᠵᠢᠭᠰᠠᠭᠠᠯ ᠢ ᠵᠦᠪ ᠬᠡᠷᠡᠭᠯᠡᠬᠦ ᠨᠢ
Creator ᠦᠯᠵᠡᠢ; ᠪᠦᠬᠡᠴᠢᠯᠠᠭᠤ
Keyword ᠰᠠᠭᠰᠤᠨ ᠪᠦᠮᠪᠦᠭᠡ; ᠲᠤᠭᠯᠠᠭᠠᠮ; ᠪᠤᠯᠪᠠᠰᠤᠷᠠᠬᠤ ᠵᠢᠭᠰᠠᠭᠠᠯ ᠤᠨ ᠬᠡᠯᠪᠡᠷᠢ
Abstract ᠰᠠᠭᠰᠤᠨ ᠪᠦᠮᠪᠦᠭᠡᠨ ᠦ ᠬᠢᠴᠢᠶᠡᠯ ᠪᠤᠯ ᠳᠤᠮᠳᠠᠳᠤ ᠰᠤᠷᠭᠠᠭᠤᠯᠢ ᠶᠢᠨ ᠲᠠᠮᠢᠷ ᠤᠨ ᠵᠢᠭᠠᠨ ᠰᠤᠷᠭᠠᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠦᠨ᠃ ᠰᠤᠷᠤᠭᠴᠢᠳ ᠤᠨ ᠰᠠᠭᠰᠤᠨ ᠪᠦᠮᠪᠦᠭᠡ ᠲᠤᠭᠯᠠᠬᠤ ᠤᠷᠮ᠎ᠠ ᠪᠠᠬ᠎ᠠ ᠶᠢ ᠬᠦᠭᠵᠢᠭᠡᠵᠦ᠂ ᠬᠢᠴᠢᠶᠡᠯ ᠦᠨ ᠶᠠᠰᠤ ᠴᠢᠨᠠᠷ ᠢ ᠪᠠᠲᠤᠯᠠᠬᠤ ᠳᠤ ᠡᠷᠬᠡᠪᠰᠢ ᠪᠠᠢᠭᠠᠯᠢ ᠶᠢᠨ ᠣᠷᠴᠢᠨ ᠲᠤᠭᠤᠷᠢᠨ ᠪᠠ ᠨᠡᠢᠭᠡᠮ ᠦᠨ ᠨᠦᠬᠦᠴᠡᠯ ᠢ ᠵᠢᠭᠠᠨ ᠰᠤᠷᠭᠠᠯᠲᠠ ᠶᠢᠨ ᠠᠭᠤᠯᠭ᠎ᠠ ᠲᠠᠢ ᠪᠠᠨ ᠤᠶᠠᠯᠳᠤᠭᠤᠯᠵᠤ᠂ ᠰᠠᠭᠰᠤᠨ ᠪᠦᠮᠪᠦᠭᠡᠨ ᠦ ᠲᠤᠭᠯᠠᠭᠠᠮ ᠬᠢᠭᠡᠳ ᠪᠤᠯᠪᠠᠰᠤᠷᠠᠬᠤ ᠵᠢᠭᠰᠠᠭᠠᠯ ᠤᠨ ᠬᠡᠯᠪᠡᠷᠢ ᠶᠢ ᠵᠦᠪ ᠲᠦᠯᠦᠪᠯᠡᠨ ᠵᠤᠬᠢᠰᠲᠠᠢ ᠬᠡᠷᠡᠭᠵᠢᠭᠦᠯᠬᠦ ᠬᠡᠷᠡᠭᠲᠡᠷᠢ᠃ ᠲᠤᠰ ᠦᠭᠦᠯᠡᠯ ᠳᠦ᠂ ᠰᠤᠷᠤᠭᠴᠢᠳ ᠤᠨ ᠬᠠᠮᠲᠤᠷᠠᠨ ᠪᠦᠯᠬᠦᠮᠳᠡᠬᠦ ᠨᠡᠢᠲᠡᠴᠢ ᠦᠵᠡᠯ ᠦᠨ ᠬᠦᠮᠦᠵᠢᠯ ᠬᠦᠷᠲᠡᠬᠦ ᠪᠡ ᠪᠡᠶ᠎ᠡ ᠰᠡᠳᠬᠢᠴᠡ ᠶᠢᠨ ᠡᠷᠡᠭᠦᠯ ᠴᠢᠭᠢᠷᠠᠭ ᠢᠶᠠᠷ ᠦᠰᠦᠨ ᠪᠤᠢᠵᠢᠬᠤ ᠪᠠᠷ ᠵᠤᠷᠢᠯᠲᠠ ᠪᠤᠯᠭᠠᠵᠤ᠂ ᠰᠠᠭᠰᠤᠨ ᠪᠦᠮᠪᠦᠭᠡᠨ ᠦ ᠵᠢᠭᠠᠨ ᠰᠤᠷᠭᠠᠯᠲᠠ ᠳᠠᠬᠢ ᠲᠤᠭᠯᠠᠭᠠᠮ ᠬᠢᠭᠡᠳ ᠪᠤᠯᠪᠠᠰᠤᠷᠠᠬᠤ ᠵᠢᠭᠰᠠᠭᠠᠯ ᠢ ᠪᠤᠳᠠᠲᠠᠢ ᠵᠢᠭᠠᠨ ᠰᠤᠷᠭᠠᠯᠲᠠ ᠲᠠᠢ ᠤᠶᠠᠯᠳᠤᠭᠤᠯᠤᠨ ᠳᠤᠯᠤᠭᠠᠨ ᠲᠠᠯ᠎ᠠ ᠪᠠᠷ ᠲᠤᠪᠴᠢᠬᠠᠨ ᠦᠭᠦᠯᠡᠭᠰᠡᠨ ᠪᠠᠢᠨ᠎ᠠ᠃
Original Literature No Original Paper
出自 内蒙古师范大学学报(自然科学蒙古文版) 2013年 第1期

联系我们


内蒙古大学图书馆
呼和浩特市大学西路235号
中国·内蒙古
P: (0471) 4992561
E: huangfeilong@imu.edu.cn