Paper Information


Title ᠰᠢᠯᠵᠢᠯᠲᠡ ᠶᠢᠨ ᠦᠶ᠎ᠡ ᠶᠢᠨ ᠭᠠᠳᠠᠭᠠᠳᠤ ᠮᠣᠩᠭᠤᠯ ᠤᠨ ᠲᠡᠦᠬᠡᠨ ᠮᠠᠲ᠋ᠧᠷᠢᠶᠠᠯ ᠤᠨ ᠲᠤᠬᠠᠢ ᠠᠩᠬᠠᠨ ᠤ ᠰᠢᠨᠵᠢᠯᠡᠯ (1945 — 1946)
Creator ᠨᠠᠷᠠᠰᠤ
Keyword ᠰᠢᠯᠵᠢᠯᠲᠡ ᠶᠢᠨ ᠦᠶ᠎ᠡ; ᠭᠠᠳᠠᠭᠠᠳᠤ ᠮᠣᠩᠭᠤᠯ; ᠲᠡᠦᠬᠡᠨ ᠮᠠᠲ᠋ᠧᠷᠢᠶᠠᠯ
Abstract 20᠋ ᠳᠤᠭᠠᠷ ᠵᠠᠭᠤᠨ ᠤ 40᠋ ᠭᠡᠳ ᠣᠨ ᠪᠤᠯ ᠮᠣᠩᠭᠤᠯ ᠤᠨ ᠲᠡᠦᠬᠡᠨ ᠳᠦ ᠨᠢᠭᠡᠨ ᠰᠢᠯᠵᠢᠯᠲᠡ ᠶᠢᠨ ᠦᠶ᠎ᠡ ᠮᠦᠨ᠃ ᠡᠨᠡ ᠦᠶ᠎ᠡ ᠶᠢᠨ ᠭᠠᠳᠠᠭᠠᠳᠤ ᠮᠣᠩᠭᠤᠯ ᠤᠨ ᠠᠰᠠᠭᠤᠳᠠᠯ ᠤᠨ ᠲᠡᠦᠬᠡᠨ ᠮᠠᠲ᠋ᠧᠷᠢᠶᠠᠯ ᠣᠳᠤᠬᠠᠨ ᠳᠤ ᠭᠤᠤᠯᠳᠠᠭᠤ ᠮᠣᠩᠭᠤᠯ᠂ ᠣᠷᠤᠰ᠂ ᠬᠢᠲᠠᠳ᠂ ᠠᠩᠭ᠍ᠯᠢ ᠬᠡᠯᠡᠨ ᠳᠡᠭᠡᠷ᠎ᠡ ᠦᠯᠡᠳᠡᠭᠰᠡᠨ ᠪᠦᠭᠡᠳ ᠮᠣᠩᠭᠤᠯ ᠤᠯᠤᠰ᠂ ᠣᠷᠤᠰ ᠤᠨ ᠬᠤᠯᠪᠤᠭᠠᠨ ᠤ ᠤᠯᠤᠰ᠂ ᠳᠤᠮᠳᠠᠳᠤ ᠤᠯᠤᠰ ᠤᠨ ᠡᠬᠡ ᠬᠠᠭᠤᠷᠠᠢ ᠪᠠ ᠲᠠᠢᠸᠠᠨ᠂ ᠠᠮᠧᠷᠢᠺᠠ ᠶᠢᠨ ᠨᠢᠭᠡᠲᠦᠭᠰᠡᠨ ᠤᠯᠤᠰ ᠵᠡᠷᠭᠡ ᠤᠯᠤᠰ ᠣᠷᠤᠨ ᠤ ᠬᠠᠮᠢᠶ᠎ᠠ ᠪᠦᠬᠦᠢ ᠠᠷᠭᠢᠪ᠂ ᠨᠤᠮ ᠤᠨ ᠰᠠᠩ ᠤᠳ ᠲᠤ ᠲᠠᠷᠬᠠᠵᠤ ᠪᠠᠢᠨ᠎ᠠ᠃ ᠦᠭᠦᠯᠡᠯ ᠳᠦ᠂ 1945 — 1946 ᠣᠨ ᠤ ᠭᠠᠳᠠᠭᠠᠳᠤ ᠮᠣᠩᠭᠤᠯ ᠤᠨ ᠠᠰᠠᠭᠤᠳᠠᠯ ᠲᠠᠢ ᠬᠤᠯᠪᠤᠭᠳᠠᠬᠤ ᠠᠷᠭᠢᠪ ᠤᠨ ᠮᠠᠲ᠋ᠧᠷᠢᠶᠠᠯ ᠤᠨ ᠬᠠᠳᠠᠭᠠᠯᠠᠯᠲᠠ᠂ ᠲᠡᠭᠦᠨ ᠦ ᠬᠡᠪᠯᠡᠭᠳᠡᠭᠰᠡᠨ ᠪᠠᠢᠳᠠᠯ᠂ ᠲᠡᠭᠦᠨᠴᠢᠯᠡᠨ ᠤᠭ ᠰᠤᠳᠤᠯᠭᠠᠨ ᠤ ᠴᠠᠭᠠᠰᠢᠲᠠ ᠭᠦᠨᠵᠡᠭᠡᠶᠢᠷᠡᠬᠦ ᠪᠤᠯᠤᠮᠵᠢ ᠶᠢᠨ ᠲᠠᠯ᠎ᠠ ᠪᠠᠷ ᠦᠭᠦᠡᠯᠪᠡ᠃
Original Literature View Original Paper
出自 中国蒙古学 2016年 第2期

联系我们


内蒙古大学图书馆
呼和浩特市大学西路235号
中国·内蒙古
P: (0471) 4992561
E: huangfeilong@imu.edu.cn