Title |
ᠠᠮᠢ ᠠᠬᠤᠢ ᠶᠢᠨ ᠨᠡᠭᠦᠳᠡᠯ ᠠᠷᠠᠳ ᠤᠨ ᠣᠳᠣᠬᠢ ᠠᠮᠢᠳᠤᠷᠠᠯ ᠳᠤ ᠣᠷᠤᠰᠢᠵᠤ ᠪᠦᠬᠦᠢ ᠠᠰᠠᠭᠤᠳᠠᠯ ᠤᠳ — ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠰᠦᠨ ᠪᠤᠯᠠᠭ ᠲᠤᠰᠬᠤᠨ ᠪᠠ ᠰᠢᠨ᠎ᠡ ᠰᠠᠭᠠᠯᠢ ᠶᠢᠨ ᠦᠨᠢᠶᠡᠨ ᠲᠤᠰᠬᠤᠨ ᠢᠶᠠᠷ ᠵᠢᠱᠢᠶᠡᠯᠡᠬᠦ ᠨᠢ |
Creator |
ᠪᠠᠢ ᠰᠢᠦ ᠯᠠᠨ |
Keyword |
ᠠᠮᠢ ᠠᠬᠤᠢ ᠶᠢᠨ ᠨᠡᠭᠦᠳᠡᠯ ᠠᠷᠠᠳ; ᠬᠦᠳᠡᠯᠦᠩᠭᠦᠢ ᠬᠦᠮᠦᠨ ᠠᠮᠠ; ᠠᠮᠢᠳᠤᠷᠠᠯ ᠤᠨ ᠪᠠᠢᠳᠠᠯ |
Abstract |
ᠵᠡᠭᠦᠨ ᠦᠵᠦᠮᠦᠴᠢᠨ ᠬᠤᠰᠢᠭᠤ ᠪᠤᠯ ᠦᠪᠦᠷ ᠮᠣᠩᠭᠤᠯ ᠣᠷᠤᠨ ᠳᠤ ᠣᠳᠣ ᠪᠤᠯᠲᠠᠯ᠎ᠠ ᠨᠡᠭᠦᠳᠡᠯ ᠠᠮᠢᠳᠤᠷᠠᠯ ᠢᠶᠠᠨ ᠬᠠᠳᠠᠭᠠᠯᠠᠵᠤ ᠪᠠᠢᠭ᠎ᠠ ᠣᠷᠤᠨ ᠨᠤᠲᠤᠭ ᠮᠦᠨ᠃ ᠭᠡᠲᠡᠯ᠎ᠡ ᠣᠷᠴᠢᠮ ᠤᠨ ᠵᠢᠯ ᠦᠳ ᠲᠦ ᠠᠮᠢ ᠠᠬᠤᠢ ᠶᠢᠨ ᠡᠪᠳᠡᠭᠳᠡᠯ ᠡᠴᠡ ᠪᠤᠯᠵᠤ᠂ ᠲᠤᠰ ᠣᠷᠤᠨ ᠳᠤ ᠠᠮᠢ ᠠᠬᠤᠢ ᠶᠢᠨ ᠨᠡᠭᠦᠳᠡᠯ ᠠᠷᠠᠳ ᠤᠨ ᠢᠨᠵᠧᠨᠧᠷᠢᠩ ᠢ ᠡᠬᠢᠯᠡᠨ ᠬᠡᠷᠡᠭᠵᠢᠭᠦᠯᠦᠭᠰᠡᠨ ᠪᠠᠢᠨ᠎ᠠ᠃ ᠲᠤᠰ ᠦᠭᠦᠯᠡᠯ ᠳᠦ ᠤᠯᠢᠶᠠᠰᠤᠲᠠᠢ ᠪᠠᠯᠭᠠᠰᠤᠨ ᠤ ᠰᠦᠨ ᠪᠤᠯᠠᠭ ᠲᠤᠰᠬᠤᠨ ᠪᠠ ᠰᠢᠨ᠎ᠡ ᠰᠠᠭᠠᠯᠢ ᠶᠢᠨ ᠦᠨᠢᠶᠡᠨ ᠦ ᠲᠤᠰᠬᠤᠨ ᠢᠶᠠᠷ ᠵᠢᠱᠢᠶᠡᠯᠡᠵᠦ᠂ ᠬᠤᠶᠠᠷ ᠲᠤᠰᠬᠤᠨ ᠤ ᠨᠡᠭᠦᠳᠡᠯ ᠠᠷᠠᠳ ᠤᠨ ᠣᠳᠣᠬᠢ ᠠᠮᠢᠳᠤᠷᠠᠯ ᠤᠨ ᠳᠤᠮᠳᠠ ᠣᠷᠤᠰᠢᠵᠤ ᠪᠠᠢᠭ᠎ᠠ ᠠᠰᠠᠭᠤᠳᠠᠯ ᠤᠨ ᠲᠤᠬᠠᠢ ᠰᠢᠨᠵᠢᠯᠡᠯ ᠬᠢᠭᠰᠡᠨ ᠪᠠᠢᠨ᠎ᠠ᠃ ᠡᠭᠦᠨ ᠳᠦ ᠤᠳᠤᠷᠢᠳᠬᠠᠯ ᠤᠨ ᠬᠡᠰᠡᠭ ᠲᠦ ᠰᠡᠳᠦᠪ ᠰᠤᠩᠭᠤᠭᠰᠠᠨ ᠤᠴᠢᠷ ᠰᠢᠯᠲᠠᠭᠠᠨ᠂ ᠰᠤᠳᠤᠯᠭᠠᠨ ᠤ ᠦᠨ᠎ᠡ ᠦᠷᠲᠡᠭ᠂ ᠰᠤᠳᠤᠯᠭᠠᠨ ᠤ ᠠᠷᠭ᠎ᠠ ᠮᠠᠶᠢᠭ ᠵᠡᠷᠭᠡ ᠶᠢ ᠲᠠᠨᠢᠯᠴᠠᠭᠤᠯᠵᠤ᠂ ᠦᠭᠦᠯᠡᠯ ᠦᠨ ᠭᠤᠤᠯ ᠬᠡᠰᠡᠭ ᠲᠦ ᠲᠤᠰ ᠬᠤᠶᠠᠷ ᠲᠤᠰᠬᠤᠨ ᠤ ᠨᠡᠭᠦᠳᠡᠯ ᠠᠷᠠᠳ ᠤᠨ ᠠᠮᠢᠳᠤᠷᠠᠯ ᠤᠨ ᠠᠷᠭ᠎ᠠ ᠮᠠᠶᠢᠭ ᠤᠨ ᠵᠤᠬᠢᠴᠠᠬᠤ ᠡᠰᠡᠭᠦ᠂ ᠣᠷᠤᠨ ᠰᠠᠭᠤᠴᠠ᠂ ᠠᠵᠢᠯ ᠲᠦᠷᠦᠯ᠂ ᠨᠡᠢᠭᠡᠮ ᠦᠨ ᠬᠠᠷᠢᠯᠴᠠᠭ᠎ᠠ ᠪᠠ ᠵᠠᠰᠠᠭ ᠤᠨ ᠣᠷᠳᠤᠨ ᠤ ᠠᠵᠤ ᠠᠬᠤᠢ ᠶᠢᠨ ᠨᠦᠬᠦᠪᠦᠷᠢ ᠵᠡᠷᠭᠡ ᠲᠠᠯ᠎ᠠ ᠠᠴᠠ ᠵᠠᠳᠠᠯᠤᠨ ᠰᠢᠨᠵᠢᠯᠡᠪᠡ᠃ |
Original Literature |
No Original Paper
|
出自 |
内蒙古师范大学学报(自然科学蒙古文版)
2012年
第3期
|