Paper Information


Title ᠶᠠᠫᠤᠨ ᠤ《ᠬᠤᠨ ᠤ ᠠᠴᠢ ᠬᠠᠷᠢᠭᠤᠯᠤᠭᠰᠠᠨ ᠨᠢ》ᠭᠡᠬᠦ ᠶᠠᠪᠠᠭᠠᠨ ᠦᠯᠢᠭᠡᠷ ᠤᠨ ᠬᠡᠪᠰᠢᠯ ᠤᠨ ᠲᠤᠬᠠᠢ ᠰᠢᠨᠵᠢᠯᠡᠯ
Creator ᠾᠸ ᠫᠢᠩ
Keyword ᠶᠠᠫᠤᠨ ᠤ ᠶᠠᠪᠠᠭᠠᠨ ᠦᠯᠢᠭᠡᠷ ᠤᠨ ᠲᠤᠭᠠᠴᠢᠯ; 《ᠬᠤᠨ ᠤ ᠠᠴᠢ ᠬᠠᠷᠢᠭᠤᠯᠤᠭᠰᠠᠨ ᠨᠢ》; ᠶᠠᠪᠠᠭᠠᠨ ᠦᠯᠢᠭᠡᠷ ᠤᠨ ᠬᠡᠪᠰᠢᠯ ᠤᠨ ᠬᠠᠷᠢᠴᠠᠭᠤᠯᠤᠯ
Abstract ᠶᠠᠪᠠᠭᠠᠨ ᠦᠯᠢᠭᠡᠷ ᠪᠤᠯ ᠲᠤᠬᠠᠢ ᠶᠢᠨ ᠦᠨᠳᠦᠰᠦᠳᠡᠨ ᠤ ᠠᠷᠠᠳ ᠲᠦᠮᠡᠨ ᠤ ᠲᠤᠮᠳᠠ ᠠᠮᠠ ᠪᠡᠷ ᠤᠯᠠᠮᠵᠢᠯᠠᠭᠳᠠᠨ ᠲᠡᠯᠭᠡᠷᠡᠭᠰᠡᠨ ᠠᠷᠠᠳ ᠤᠨ ᠠᠮᠠᠨ ᠵᠤᠬᠢᠶᠠᠯ ᠤᠨ ᠨᠢᠭᠡ ᠰᠲ᠋ᠢᠯᠢ ᠪᠤᠯᠤᠨ᠎ᠠ᠃ ᠶᠠᠪᠠᠭᠠᠨ ᠦᠯᠢᠭᠡ ᠢ ᠰᠤᠳᠤᠯᠬᠤ ᠨᠢ ᠨᠢᠭᠡ ᠦᠨᠳᠦᠰᠦᠳᠡᠨ ᠤ ᠲᠡᠦᠬᠡ᠂ ᠰᠤᠶᠤᠯ᠂ ᠱᠠᠰᠢᠨ ᠰᠢᠳᠦᠯᠭᠡ᠂ ᠠᠮᠢᠳᠤᠷᠠᠯ ᠢ ᠤᠢ᠌ᠯᠠᠭᠠᠬᠤ ᠳᠤ ᠲᠤᠩ ᠶᠡᠬᠡ ᠬᠠᠪᠰᠤᠷᠤᠮᠵᠢ ᠪᠤᠯᠳᠠᠭ ᠶᠢᠡᠷ ᠪᠠᠷᠠᠬᠤ ᠦᠭᠡᠢ ᠠᠷᠠᠳ ᠤᠨ ᠠᠮᠠᠨ ᠵᠤᠬᠢᠶᠠᠯ ᠤᠨ ᠰᠤᠳᠤᠯᠭᠠᠨ ᠢ ᠭᠦᠨᠵᠡᠭᠡᠢ᠌ᠷᠡᠭᠦᠯᠳᠡᠭ ᠶᠤᠮ᠃ ᠦᠭᠦᠯᠡᠯ ᠳᠤ ᠶᠠᠫᠤᠨ ᠤ《ᠬᠤᠨ ᠤ ᠠᠴᠢ ᠬᠠᠷᠢᠭᠤᠯᠤᠭᠰᠠᠨ ᠨᠢ》ᠭᠡᠬᠦ ᠶᠠᠪᠠᠭᠠᠨ ᠦᠯᠢᠭᠡᠷ ᠬᠢᠭᠡᠳ ᠬᠡᠳᠦᠨ ᠵᠦᠢᠯ ᠤᠨ ᠬᠤᠪᠢᠯᠪᠤᠷᠢ ᠶᠢ ᠬᠤᠭᠤᠷᠤᠨᠳᠤ ᠨᠢ ᠬᠠᠷᠢᠴᠠᠭᠤᠯᠤᠨ ᠬᠡᠪᠰᠢᠯ ᠤᠨ ᠲᠤᠬᠠᠢ ᠰᠢᠨᠵᠢᠯᠡᠵᠦ᠂ ᠶᠠᠪᠠᠭᠠᠨ ᠦᠯᠢᠭᠡᠷ ᠤᠨ ᠤᠬᠠᠭᠳᠠᠬᠤᠨ᠂ ᠦᠪᠡᠷᠮᠢᠴᠡ ᠤᠨᠴᠠᠯᠢᠭ ᠬᠢᠭᠡᠳ ᠪᠤᠰᠤᠳ ᠲᠦᠷᠦᠯ ᠤᠨ ᠠᠮᠠᠨ ᠵᠤᠬᠢᠶᠠᠯ ᠲᠠᠢ ᠢᠯᠭᠠᠭᠳᠠᠬᠤ ᠰᠢᠨᠵᠢ ᠶᠢ ᠰᠦᠪᠡᠭ᠍ᠴᠢᠯᠡᠨ ᠭᠠᠷᠭᠠᠬᠤ ᠶᠢ ᠵᠤᠷᠢᠪᠠ᠃
Original Literature View Original Paper
出自 蒙古学研究 2014年 第3期

联系我们


内蒙古大学图书馆
呼和浩特市大学西路235号
中国·内蒙古
P: (0471) 4992561
E: huangfeilong@imu.edu.cn