Title |
ᠮᠤᠩᠭ᠋ᠤᠯ ᠤᠷᠠᠨ ᠪᠢᠴᠢᠯᠭᠡ ᠶᠢᠨ ᠲᠤᠷ᠎ᠠ ᠰᠤᠨᠢᠷᠬᠠᠯᠳᠤ ᠵᠢᠭᠠᠨ ᠰᠤᠷᠭᠠᠯᠳᠠ ᠶᠢᠨ ᠲᠤᠬᠠᠢ ᠰᠢᠨ᠎ᠡ ᠰᠦᠪᠡᠭ᠍ᠴᠢᠯᠡᠯ |
Creator |
ᠲᠦᠪᠰᠢᠨ |
Keyword |
ᠮᠤᠩᠭ᠋ᠤᠯ ᠤᠷᠠᠨ ᠪᠢᠴᠢᠯᠭᠡ; ᠵᠢᠭᠠᠨ ᠰᠤᠷᠭᠠᠯᠳᠠ; ᠲᠤᠷ᠎ᠠ ᠰᠤᠨᠢᠷᠬᠠᠯ |
Abstract |
ᠮᠤᠩᠭ᠋ᠤᠯ ᠤᠷᠠᠨ ᠪᠢᠴᠢᠯᠭᠡ ᠪᠤᠯ ᠬᠦᠮᠦᠨ ᠲᠦᠷᠦᠯᠬᠢᠳᠡᠨ ᠤ ᠤᠶᠤᠨ ᠤ ᠡᠷᠳᠡᠨᠢᠰ ᠤᠨ ᠰᠠᠩ ᠤᠨ ᠨᠢᠭᠡᠨ ᠪᠤᠳᠠ ᠭᠡᠷᠡᠯᠳᠦ ᠰᠤᠪᠤᠳ ᠮᠦᠨ᠃ ᠲᠡᠯᠡᠬᠡᠢ ᠶᠢᠨ ᠤᠷᠠᠯᠢᠭ ᠤᠨ ᠰᠠᠩ ᠤᠨ ᠨᠢᠭᠡᠨ ᠬᠦᠢᠰ ᠭᠠᠢ᠌ᠬᠠᠮᠰᠢᠭᠳᠤ ᠴᠡᠴᠡᠭ ᠪᠢᠯᠡ᠃ ᠮᠤᠩᠭ᠋ᠤᠯ ᠤᠷᠠᠨ ᠪᠢᠴᠢᠯᠭᠡ ᠨᠢ ᠪᠠᠬᠠᠷᠬᠠᠨ ᠰᠤᠨᠢᠷᠬᠠᠬᠤ ᠪᠠ ᠪᠤᠳᠠᠳᠠᠢ ᠬᠡᠷᠡᠭᠯᠡᠭᠡᠨ ᠤ ᠨᠢᠭᠡᠳᠦᠮᠡᠯ ᠴᠤᠭᠴᠠ ᠶᠤᠮ᠃ ᠲᠡᠷᠡᠴᠢᠯᠡᠨ ᠮᠤᠩᠭ᠋ᠤᠯ ᠤᠷᠠᠨ ᠪᠢᠴᠢᠯᠭᠡ ᠶᠢᠨ ᠵᠢᠭᠠᠨ ᠰᠤᠷᠭᠠᠯᠳᠠ ᠨᠢ ᠵᠦᠪᠬᠡᠨ ᠰᠤᠷᠤᠭᠴᠢᠳ ᠤᠨ ᠭᠤᠣ᠎ᠠ ᠰᠠᠢ᠌ᠬᠠᠨ ᠤ ᠰᠤᠨᠢᠷᠬᠠᠯ ᠤᠨ ᠴᠢᠳᠠᠪᠤᠷᠢ ᠶᠢ ᠲᠡᠭᠡᠭ᠍ᠰᠢᠯᠡᠭᠦᠯᠬᠦ ᠪᠡᠷ ᠦᠯᠦ ᠪᠠᠷᠠᠨ ᠮᠡᠳᠡᠯᠭᠡ ᠡᠷᠳᠡᠮ ᠢ ᠨᠢ ᠨᠡᠮᠡᠭᠳᠡᠭᠦᠯᠳᠡᠭ ᠶᠤᠮ᠃ ᠲᠤᠰ ᠦᠭᠦᠯᠡᠯ ᠳᠤ ᠮᠤᠩᠭ᠋ᠤᠯ ᠤᠷᠠᠨ ᠪᠢᠴᠢᠯᠭᠡ ᠶᠢᠨ ᠵᠢᠭᠠᠨ ᠰᠤᠷᠭᠠᠯᠳᠠ ᠲᠤᠮᠳᠠ ᠠᠪᠴᠤ ᠪᠤᠯᠬᠤ ᠠᠷᠭ᠎ᠠ ᠶᠢᠨ ᠲᠠᠯ᠎ᠠ ᠪᠡᠷ ᠬᠠᠢ᠌ᠨ ᠰᠦᠪᠡᠭ᠍ᠴᠢᠯᠡᠵᠦ᠂ ᠬᠢᠴᠢᠶᠡᠯᠡᠯᠭᠡ ᠳᠡᠭᠡᠨ ᠤᠶᠠᠯᠳᠤᠭᠤᠯᠤᠨ ᠬᠡᠷᠡᠭᠯᠡᠪᠡᠯ ᠦᠪᠡᠷ ᠤᠨ ᠦᠨᠳᠦᠰᠦᠳᠡᠨ ᠤ ᠪᠠᠨ ᠦᠪ ᠰᠤᠶᠤᠯ ᠪᠤᠯᠬᠤ ᠮᠤᠩᠭ᠋ᠤᠯ ᠤᠷᠠᠨ ᠪᠢᠴᠢᠯᠭᠡ ᠪᠠᠨ ᠨᠡᠩ ᠭᠦᠨᠵᠡᠭᠡᠢ ᠤᠢᠯᠠᠭᠠᠵᠤ᠂ ᠬᠦᠨᠳᠦᠳᠭᠡᠨ ᠬᠠᠢ᠌ᠷᠠᠯᠠᠬᠤ ᠰᠡᠳᠭᠢᠯᠭᠡ ᠶᠢ ᠨᠢ ᠴᠢᠩᠭ᠋ᠳᠬᠠᠬᠤ ᠶᠢᠨ ᠬᠠᠮᠳᠤᠳᠠ ᠬᠢᠴᠢᠶᠡᠯᠡᠯᠭᠡ ᠶᠢᠨ ᠦᠷ᠎ᠡ ᠠᠰᠢᠭ ᠶᠢᠡᠨ ᠨᠡᠩ ᠪᠦᠳᠦᠮᠵᠢᠳᠡᠢ ᠪᠡᠷ ᠲᠡᠭᠡᠭ᠍ᠰᠢᠯᠡᠭᠦᠯᠵᠦ ᠪᠤᠯᠤᠨ᠎ᠠ ᠭᠡᠵᠦ ᠦᠵᠡᠪᠡ᠃ |
Original Literature |
View Original Paper
|
出自 |
中国蒙古学
2013年
第5期
|