Title |
ᠨᠢᠭᠡᠳᠦᠭᠡᠷ ᠤᠳᠠᠭ᠎ᠠ ᠶᠢᠨ ᠤᠯᠤᠰ ᠤᠨ ᠬᠤᠷᠠᠯ ᠤᠨ ᠰᠤᠩᠭ᠋ᠤᠭ᠋᠌ᠤᠯᠢ ᠳᠤ ᠰᠤᠩᠭ᠋ᠤᠭᠳᠠᠭᠰᠠᠨ ᠪᠠ ᠤᠯᠤᠰ ᠤᠨ ᠬᠤᠷᠠᠯ ᠳᠤ ᠤᠷᠤᠯᠴᠠᠭᠰᠠᠨ ᠤᠯᠠᠭᠠᠨᠴᠠᠪ᠂ ᠶᠡᠬᠡ ᠵᠤᠤ ᠬᠤᠶᠠᠷ ᠴᠢᠭᠤᠯᠭᠠᠨ ᠤ ᠬᠡᠯᠡᠯᠴᠡᠭᠴᠢ ᠲᠦᠰᠢᠮᠡᠯ ᠤᠳ ᠢ ᠰᠢᠨᠵᠢᠯᠡᠬᠦ ᠨᠢ |
Creator |
ᠬᠠᠰ |
Keyword |
ᠨᠢᠭᠡᠳᠦᠭᠡᠷ ᠤᠳᠠᠭ᠎ᠠ ᠶᠢᠨ ᠤᠯᠤᠰ ᠤᠨ ᠬᠤᠷᠠᠯ; ᠤᠯᠠᠭᠠᠨᠴᠠᠪ ᠶᠡᠬᠡ ᠵᠤᠤ ᠬᠤᠶᠠᠷ ᠴᠢᠭᠤᠯᠭᠠᠨ ᠬᠡᠯᠡᠯᠴᠡᠭᠴᠢ ᠲᠦᠰᠢᠮᠡᠯ ᠤᠳ |
Abstract |
ᠢᠷᠭᠡᠨ ᠤᠯᠤᠰ ᠤᠨ ᠪᠡᠭᠡᠵᠢᠩ ᠤᠨ ᠵᠠᠰᠠᠭ ᠤᠨ ᠭᠠᠵᠠᠷ ᠤᠨ ᠦᠶ᠎ᠡ ᠳᠤ ᠮᠤᠩᠭ᠋ᠤᠯ ᠤᠷᠤᠨ ᠳᠤ ᠤᠯᠤᠰ ᠤᠨ ᠬᠤᠷᠠᠯ ᠤᠨ ᠬᠡᠯᠡᠯᠴᠡᠭᠴᠢ ᠲᠦᠰᠢᠮᠡᠯ ᠤᠨ ᠰᠤᠩᠭ᠋ᠤᠭ᠋᠌ᠤᠯᠢ ᠶᠠᠪᠤᠭᠤᠯᠤᠭᠰᠠᠨ ᠪᠠ ᠮᠤᠩᠭ᠋ᠤᠯ ᠤᠷᠤᠨ ᠤ ᠬᠡᠯᠡᠯᠴᠡᠭᠴᠢ ᠲᠦᠰᠢᠮᠡᠯ ᠤᠳ ᠤᠯᠤᠰ ᠤᠨ ᠬᠤᠷᠠᠯ ᠳᠤ ᠤᠷᠤᠯᠴᠠᠭᠰᠠᠨ ᠬᠡᠷᠡᠭ ᠨᠢ ᠮᠤᠩᠭ᠋ᠤᠯᠴᠤᠳ ᠤᠨ ᠲᠡᠦᠬᠡ ᠴᠭᠠᠰᠢᠯᠠᠨ ᠲᠤᠮᠳᠠᠳᠤ ᠤᠯᠤᠰ ᠤᠨ ᠲᠡᠦᠬᠡᠨ ᠳᠤ ᠴᠢᠬᠤᠯᠠ ᠨᠦᠯᠦᠭᠡ ᠲᠤᠰᠬᠠᠯ ᠦᠵᠡᠭᠦᠯᠦᠭᠰᠡᠨ ᠪᠠᠢ᠌ᠳᠠᠭ᠃ ᠪᠢᠳᠡ ᠲᠤᠬᠠᠢ ᠶᠢᠨ ᠦᠶ᠎ᠡ ᠶᠢᠨ ᠮᠤᠩᠭ᠋ᠤᠯ ᠸᠠᠩ ᠭᠦᠩ ᠲᠡᠭᠡᠳᠦ ᠲᠠᠪᠬᠤᠷᠭᠠᠳᠠᠳ ᠪᠡᠭᠡᠵᠢᠩ ᠤᠨ ᠵᠠᠰᠠᠭ ᠤᠨ ᠭᠠᠵᠠᠷ ᠤᠨ ᠵᠤᠬᠢᠶᠠᠨ ᠪᠠᠢ᠌ᠭᠤᠯᠤᠭᠰᠠᠨ ᠤᠯᠤᠰ ᠤᠨ ᠬᠤᠷᠠᠯ ᠤᠨ ᠬᠡᠯᠡᠯᠴᠡᠭᠴᠢ ᠲᠦᠰᠢᠮᠡᠯ ᠤᠨ ᠰᠤᠩᠭ᠋ᠤᠭ᠋᠌ᠤᠯᠢ ᠪᠠ ᠤᠯᠤᠰ ᠤᠨ ᠬᠤᠷᠠᠯ ᠳᠤ ᠤᠷᠤᠯᠴᠠᠵᠤ ᠪᠠᠢ᠌ᠭᠰᠠᠨ ᠠᠵᠢᠯᠯᠠᠭ᠎ᠠ ᠶᠢ ᠰᠢᠨᠵᠢᠯᠡᠬᠦ ᠪᠡᠷ ᠲᠠᠮᠵᠢᠨ ᠪᠡᠭᠡᠵᠢᠩ ᠤᠨ ᠵᠠᠰᠠᠭ ᠤᠨ ᠭᠠᠵᠠᠷ ᠪᠤᠯᠤᠨ ᠮᠤᠩᠭ᠋ᠤᠯ ᠤᠨ ᠤᠷᠤᠨ ᠨᠤᠳᠤᠭ ᠤᠨ ᠬᠤᠭᠤᠷᠤᠨᠳᠤᠬᠢ ᠤᠯᠤᠰ ᠲᠦᠷᠦ ᠶᠢᠨ ᠬᠠᠷᠢᠴᠠᠭ᠎ᠠ ᠶᠢᠨ ᠬᠤᠪᠢᠷᠠᠯᠳᠠ᠂ ᠮᠤᠩᠭ᠋ᠤᠯ ᠬᠤᠰᠢᠭᠤᠨ ᠤ ᠲᠡᠭᠡᠳᠦ ᠲᠠᠪᠬᠤᠷᠭᠠᠳᠠᠳ ᠢᠷᠭᠡᠨ ᠤ ᠵᠠᠰᠠᠭ ᠤᠨ ᠭᠠᠵᠠᠷ ᠲᠤ ᠬᠠᠨᠳᠤᠵᠤ ᠪᠠᠢ᠌ᠭᠰᠠᠨ ᠤᠪᠤᠷ ᠪᠠᠢ᠌ᠳᠠᠯ ᠢ ᠰᠡᠷᠡᠨ ᠮᠡᠳᠡᠵᠦ ᠪᠤᠯᠤᠨ᠎ᠠ᠃ ᠦᠭᠦᠯᠡᠯ ᠳᠤ ᠭᠤᠤᠯᠳᠠᠭᠤ ᠤᠷᠢᠳᠤᠬᠢ ᠬᠦᠮᠦᠰ ᠤᠨ ᠰᠤᠳᠤᠯᠭᠠᠨ ᠳᠤ ᠰᠠᠭᠤᠷᠢᠯᠠᠵᠤ᠂ ᠬᠦᠮᠦᠰ ᠤᠨ ᠬᠠᠷᠠᠬᠠᠨ ᠠᠰᠢᠭᠯᠠᠭ᠎ᠠ ᠦᠭᠡᠢ ᠮᠤᠩᠭ᠋ᠤᠯ ᠬᠤᠰᠢᠭᠤᠳ ᠤᠨ ᠬᠠᠮᠢᠶ᠎ᠠ ᠪᠦᠬᠦᠢ ᠲᠠᠩᠰᠠ ᠪᠢᠴᠢᠭ᠌ ᠤᠳ ᠲᠤ ᠲᠤᠯᠭᠠᠭᠤᠷᠢᠯᠠᠨ ᠨᠢᠭᠡᠳᠦᠭᠡᠷ ᠤᠳᠠᠭ᠎ᠠ ᠶᠢᠨ ᠤᠯᠤᠰ ᠤᠨ ᠬᠤᠷᠠᠯ ᠤᠨ ᠰᠤᠩᠭ᠋ᠤᠭ᠋ᠤᠯᠢ ᠳᠤ ᠰᠤᠩᠭ᠋ᠤᠭᠳᠠᠭᠰᠠᠨ ᠪᠠ ᠤᠯᠤᠰ ᠤᠨ ᠬᠤᠷᠠᠯ ᠳᠤ ᠤᠷᠤᠯᠴᠠᠭᠰᠠᠨ ᠤᠯᠠᠭᠠᠨᠴᠠᠪ᠂ ᠶᠡᠬᠡ ᠵᠤᠤ ᠬᠤᠶᠠᠷ ᠴᠢᠭᠤᠯᠭᠠᠨ ᠤ ᠬᠡᠯᠡᠯᠴᠡᠭᠴᠢ ᠲᠦᠰᠢᠮᠡᠯ ᠤᠳ ᠤᠨ ᠪᠡᠶ᠎ᠡ ᠶᠢᠨ ᠭᠠᠷᠤᠯ᠂ ᠰᠤᠩᠭ᠋ᠤᠭ᠋᠌ᠤᠯᠢ ᠳᠤ ᠰᠤᠩᠭ᠋ᠤᠭᠳᠠᠭᠰᠠᠨ ᠵᠠᠷᠢᠮ ᠲᠦᠰᠢᠮᠡᠳ ᠤᠨ ᠤᠯᠤᠰ ᠤᠨ ᠬᠤᠷᠠᠯ ᠳᠤ ᠤᠷᠤᠯᠴᠠᠭᠰᠠᠨ ᠦᠭᠡᠢ ᠰᠢᠯᠳᠠᠭᠠᠨ᠂ ᠬᠤᠶᠠᠷ ᠴᠢᠭᠤᠯᠭᠠᠨ ᠤ ᠵᠠᠰᠠᠭ ᠨᠤᠶᠠᠳ ᠡᠴᠡ ᠢᠷᠭᠡᠨ ᠤᠯᠤᠰ ᠤᠨ ᠪᠡᠭᠡᠵᠢᠩ ᠤᠨ ᠵᠠᠰᠠᠭ ᠤᠨ ᠭᠠᠵᠠᠷ ᠲᠤ ᠬᠠᠨᠳᠤᠵᠤ ᠪᠠᠢ᠌ᠭᠰᠠᠨ ᠤᠪᠤᠷ ᠪᠠᠢ᠌ᠳᠠᠯ ᠵᠡᠷᠭᠡ ᠠᠰᠠᠭᠤᠳᠠᠯ ᠤᠳ ᠢ ᠰᠢᠨᠵᠢᠯᠡᠬᠦ ᠪᠤᠯᠤᠨ᠎ᠠ᠃ |
Original Literature |
No Original Paper
|
出自 |
赤峰学院学报(蒙文哲学社会科学版)
2017年
第1期
|