Paper Information


Title 《ᠵᠢᠷᠢᠮ ᠦᠨ ᠤᠷᠠᠨ ᠵᠤᠬᠢᠶᠠᠯ》 ᠰᠡᠳᠭᠦᠯ ᠦᠨ ᠬᠣᠷᠴᠢᠨ ᠤᠷᠠᠨ ᠵᠤᠬᠢᠶᠠᠯ ᠤᠨ ᠤᠯᠠᠮᠵᠢᠯᠠᠭ᠎ᠠ ᠳᠤ ᠦ᠋ᠵᠡᠭᠦᠯᠦᠭᠰᠡᠨ ᠦᠢᠯᠡᠳᠦᠯ
Creator ᠴᠢᠩ ᠬᠤᠸᠠ
Keyword 《ᠵᠢᠷᠢᠮ ᠦᠨ ᠤᠷᠠᠨ ᠵᠤᠬᠢᠶᠠᠯ》; ᠬᠣᠷᠴᠢᠨ ᠤᠷᠠᠨ ᠵᠤᠬᠢᠶᠠᠯ; ᠤᠯᠠᠮᠵᠢᠯᠠᠭ᠎ᠠ
Abstract ᠤᠷᠠᠨ ᠵᠤᠬᠢᠶᠠᠯ ᠤᠨ ᠰᠡᠳᠭᠦᠯ ᠪᠤᠯ ᠤᠷᠠᠨ ᠵᠤᠬᠢᠶᠠᠯ ᠤᠨ ᠠᠴᠢᠶᠠᠯᠠᠭᠴᠢ᠂ ᠤᠷᠠᠨ ᠵᠤᠬᠢᠶᠠᠯ ᠤᠨ ᠤᠯᠠᠮᠵᠢᠯᠠᠭ᠎ᠠ ᠶᠢᠨ ᠴᠢᠬᠤᠯᠠ ᠵᠠᠭᠤᠴᠢ ᠮᠦᠷᠲᠡᠭᠡᠨ ᠵᠤᠬᠢᠶᠠᠯᠴᠢ ᠬᠢᠭᠡᠳ ᠤᠩᠰᠢᠭᠴᠢ ᠶᠢ ᠬᠤᠯᠪᠤᠬᠤ ᠴᠢᠬᠤᠯᠠ ᠬᠦᠬᠦᠷᠭᠡ ᠶᠢᠨ ᠦᠢᠯᠡᠳᠦᠯ ᠲᠡᠢ ᠶᠤᠮ᠃ ᠣᠷᠤᠨ ᠤ ᠳᠤᠲᠤᠷᠠᠬᠢ ᠠᠢᠮᠠᠭ ᠬᠤᠲᠠ ᠶᠢᠨ ᠳᠡᠰ ᠦᠨ ᠶᠡᠷᠦᠩᠬᠡᠶᠢᠯᠡᠭᠰᠡᠨ ᠴᠢᠨᠠᠷᠲᠠᠢ ᠤᠷᠠᠨ ᠵᠤᠬᠢᠶᠠᠯ ᠤᠨ ᠰᠡᠳᠭᠦᠯ ᠪᠤᠯᠬᠤ 《ᠵᠢᠷᠢᠮ ᠦᠨ ᠤᠷᠠᠨ ᠵᠤᠬᠢᠶᠠᠯ》 ᠨᠢ ᠬᠡᠪᠯᠡᠯ ᠡᠬᠢᠯᠡᠭᠰᠡᠨ ᠡᠴᠡ ᠨᠠᠭᠠᠰᠢ ᠬᠣᠷᠴᠢᠨ ᠤᠷᠠᠨ ᠵᠤᠬᠢᠶᠠᠯ ᠤᠨ ᠭᠤᠤᠯ ᠳᠠᠮᠵᠢᠭᠤᠯᠤᠭᠴᠢ᠂ ᠬᠣᠷᠴᠢᠨ ᠵᠤᠬᠢᠶᠠᠯᠴᠢᠳ ᠤᠨ ᠡᠩᠨᠡᠭᠡ ᠶᠢ ᠦᠰᠭᠡᠨ ᠪᠤᠵᠠᠭᠠᠢᠷᠠᠭᠤᠯᠤᠭᠰᠠᠨ ᠲᠤᠯᠭᠠᠨ ᠦᠯᠦᠭᠡᠢ ᠪᠤᠯᠤᠭᠰᠠᠭᠠᠷ ᠢᠷᠡᠵᠡᠢ᠃ 《ᠵᠢᠷᠢᠮ ᠦᠨ ᠤᠷᠠᠨ ᠵᠤᠬᠢᠶᠠᠯ》 ᠰᠡᠳᠭᠦᠯ ᠨᠢ ᠬᠣᠷᠴᠢᠨ ᠨᠤᠲᠤᠭ ᠤᠨ ᠦᠪᠡᠷᠮᠢᠴᠡ ᠣᠨᠴᠠᠯᠢᠭ ᠪᠦᠬᠦᠢ ᠠᠮᠠᠨ ᠤᠷᠠᠯᠢᠭ ᠢ ᠳᠡᠯᠭᠡᠨ ᠦᠵᠡᠭᠦᠯᠬᠦ ᠶᠢᠨ ᠬᠠᠮᠲᠤ ᠬᠣᠷᠴᠢᠨ ᠤ ᠨᠤᠲᠤᠭ ᠤᠰᠤᠨ ᠤ ᠤᠷᠠᠨ ᠵᠤᠬᠢᠶᠠᠯ ᠤᠨ ᠬᠦᠭᠵᠢᠯᠲᠡ ᠶᠢ ᠠᠭᠢᠭᠤᠯᠤᠨ᠂ ᠬᠣᠷᠴᠢᠨ ᠵᠤᠬᠢᠶᠠᠯᠴᠢᠳ ᠢᠶᠠᠨ ᠤᠷᠠᠮᠰᠢᠭᠤᠯᠤᠨ ᠵᠤᠷᠢᠭᠵᠢᠭᠤᠯᠵᠤ᠂ ᠣᠨᠣᠯ ᠰᠢᠭᠦᠮᠵᠢ ᠶᠢᠨ ᠲᠠᠯ᠎ᠠ ᠪᠠᠷ ᠵᠢᠯᠤᠭᠤᠳᠤᠨ ᠳᠠᠭᠠᠭᠤᠯᠵᠤ ᠬᠣᠷᠴᠢᠨ ᠵᠤᠬᠢᠶᠠᠯᠴᠢᠳ ᠤᠨ ᠡᠩᠨᠡᠭᠡ ᠶᠢ ᠲᠠᠰᠤᠷᠠᠯ ᠦᠭᠡᠢ ᠪᠤᠵᠠᠭᠠᠢᠷᠠᠭᠤᠯᠵᠤ ᠢᠷᠡᠭᠰᠡᠨ ᠶᠤᠮ᠃
Original Literature View Original Paper
出自 中国蒙古学 2015年 第5期

联系我们


内蒙古大学图书馆
呼和浩特市大学西路235号
中国·内蒙古
P: (0471) 4992561
E: huangfeilong@imu.edu.cn