Paper Information


Title ᠬᠤᠪᠢᠯᠠᠢ ᠬᠠᠭᠠᠨ ᠤ ᠬᠠᠤᠯᠢ ᠶᠢᠨ ᠦᠵᠡᠯ ᠰᠠᠨᠠᠭᠠᠨ ᠤ ᠲᠤᠬᠠᠢ
Creator ᠪᠦᠬᠡ
Keyword ᠶᠤᠸᠠᠨ ᠤᠯᠤᠰ ᠤᠨ ᠦᠶ᠎ᠡ; ᠬᠤᠪᠢᠯᠠᠢ ᠬᠠᠭᠠᠨ; ᠬᠠᠤᠯᠢ ᠶᠢᠨ ᠦᠵᠡᠯ ᠰᠠᠨᠠᠭ᠎ᠠ
Abstract ᠬᠤᠪᠢᠯᠠᠢ ᠬᠠᠭᠠᠨ ᠲᠦᠪ ᠲᠦ ᠲᠦᠪᠯᠡᠷᠡᠭᠦᠯᠦᠨ ᠵᠠᠬᠢᠷᠬᠤ ᠡᠷᠬᠡ ᠪᠡᠨ ᠪᠠᠲᠤᠯᠠᠭᠰᠠᠨ ᠤᠷᠢᠳᠠᠯ ᠳᠤᠤᠷ᠎ᠠ᠂ ᠮᠣᠩᠭᠤᠯ᠂ ᠬᠢᠲᠠᠳ᠂ ᠣᠢᠭᠤᠷ᠂ ᠲᠦᠪᠡᠳ ᠵᠡᠷᠭᠡ ᠣᠯᠠᠨ ᠦᠨᠳᠦᠰᠦᠲᠡᠨ ᠲᠡᠢ ᠤᠯᠤᠰ ᠤᠨ ᠳᠤᠲᠤᠷ᠎ᠠ᠂ 《ᠲᠤᠰ ᠲᠤᠰ ᠤᠨ ᠵᠠᠩ ᠳᠠᠳᠬᠠᠯ ᠢ ᠨᠢ ᠳᠠᠭᠠᠭᠤᠯᠬᠤ》 ᠬᠡᠮᠡᠬᠦ ᠦᠨᠳᠦᠰᠦᠲᠡᠨ ᠦ ᠤᠷᠠᠳ ᠬᠤᠪᠢᠶᠠᠵᠤ ᠵᠠᠰᠠᠬᠤ ᠬᠠᠤᠯᠢ ᠶᠢᠨ ᠲᠦᠷᠦ ᠶᠢᠨ ᠪᠤᠳᠤᠯᠭ᠎ᠠ ᠬᠡᠷᠡᠭᠵᠢᠭᠦᠯᠦᠭᠰᠡᠨ ᠪᠠᠢᠨ᠎ᠠ᠃ ᠮᠣᠩᠭᠤᠯ ᠣᠷᠤᠨ ᠳᠤ᠂ ᠴᠢᠩᠭᠢᠰ ᠬᠠᠭᠠᠨ ᠤ 《ᠶᠡᠬᠡ ᠵᠠᠰᠠᠭ》 ᠪᠤᠯᠤᠨ ᠤᠯᠠᠮᠵᠢᠯᠠᠯᠲᠤ ᠬᠡᠪ ᠬᠠᠤᠯᠢ (ᠪᠠᠰᠠ ᠵᠠᠩᠰᠢᠯ ᠤᠨ ᠬᠠᠤᠯᠢ ᠭᠡᠳᠡᠭ) ᠶᠢ ᠬᠡᠷᠡᠭᠵᠢᠭᠦᠯᠦᠨ᠂ ᠬᠢᠲᠠᠳ ᠣᠷᠤᠨ ᠳᠤ ᠪᠢᠴᠢᠭ ᠦᠨ ᠰᠤᠷᠭᠠᠯ ᠢᠶᠠᠷ ᠲᠦᠷᠦ ᠶᠢ ᠵᠠᠰᠠᠬᠤ ᠶᠢᠨ ᠦᠨᠳᠦᠰᠦ ᠪᠤᠯᠭᠠᠨ᠂ 《ᠳᠡᠭᠡᠳᠦᠰ ᠦᠨ ᠶᠤᠰᠤ ᠳᠦᠷᠢᠮ ᠢ ᠳᠠᠭᠤᠷᠢᠶᠠᠨ᠂ ᠴᠠᠭ ᠤᠨ ᠪᠠᠢᠳᠠᠯ ᠳᠤ ᠲᠤᠬᠢᠷᠠᠭᠤᠯᠤᠨ ᠬᠤᠪᠢᠷᠠᠭᠤᠯᠬᠤ》 ᠪᠠᠷ ᠶᠡᠷᠦᠩᠬᠡᠢ ᠵᠠᠷᠴᠢᠮ ᠪᠤᠯᠭᠠᠨ᠂ 《ᠬᠢᠲᠠᠳ ᠤᠨ ᠬᠠᠤᠯᠢ ᠶᠢ ᠳᠠᠭᠠᠯᠳᠤᠭᠤᠯᠬᠤ》 ᠪᠠᠷ ᠭᠤᠤᠯ ᠣᠨᠴᠠᠯᠢᠭ ᠪᠤᠯᠭᠠᠭᠰᠠᠨ ᠤᠯᠤᠰ ᠢ ᠵᠠᠰᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠦᠨ᠂ ᠲᠦᠪᠡᠳ ᠣᠷᠤᠨ ᠳᠤ ᠬᠠᠷᠢᠨ ᠱᠠᠰᠢᠨ ᠲᠦᠷᠦ ᠬᠤᠶᠠᠷ ᠶᠤᠰᠤᠨ ᠢ ᠲᠡᠭᠰᠢᠲᠡ ᠶᠠᠪᠤᠭᠤᠯᠬᠤ ᠪᠠᠢᠭᠤᠯᠤᠯ ᠤᠨ ᠳᠤᠤᠷ᠎ᠠ᠂ ᠵᠠᠩᠰᠢᠯ ᠳᠤ ᠨᠢ ᠳᠠᠭᠠᠷᠠᠭᠤᠯᠤᠨ ᠢᠯᠪᠢᠨ ᠳᠠᠭᠠᠭᠤᠯᠬᠤ ᠬᠠᠤᠯᠢ ᠶᠢᠨ ᠦᠵᠡᠯ ᠰᠠᠨᠠᠭ᠎ᠠ ᠶᠢ ᠬᠡᠷᠡᠭᠵᠢᠭᠦᠯᠵᠡᠢ᠃ ᠬᠤᠪᠢᠯᠠᠢ ᠬᠠᠭᠠᠨ ᠤ ᠡᠢᠮᠦᠷᠬᠦᠦ ᠣᠯᠠᠨ ᠡᠰᠢᠴᠢᠯᠡᠭᠰᠡᠨ ᠬᠠᠤᠯᠢ ᠶᠢᠨ ᠦᠵᠡᠯ ᠰᠠᠨᠠᠭ᠎ᠠ ᠨᠢ ᠶᠤᠸᠠᠨ ᠤᠯᠤᠰ ᠤᠨ ᠨᠢᠭᠡᠲᠦᠭᠰᠡᠨ ᠣᠯᠠᠨ ᠦᠨᠳᠦᠰᠦᠲᠡᠨ ᠲᠡᠢ ᠤᠯᠤᠰ ᠤᠨ ᠨᠡᠢᠭᠡᠮ ᠦᠨ ᠠᠮᠤᠷ ᠲᠤᠭᠲᠠᠭᠤᠨ ᠢ ᠪᠡᠬᠢᠭᠵᠢᠭᠦᠯᠦᠨ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠢᠨ᠎ᠠ᠃
Original Literature No Original Paper
出自 蒙古学研究 2016年 第1期

联系我们


内蒙古大学图书馆
呼和浩特市大学西路235号
中国·内蒙古
P: (0471) 4992561
E: huangfeilong@imu.edu.cn