Title |
ᠰᠤᠶᠤᠨ ᠭᠡᠭᠡᠷᠡᠭᠦᠯᠦᠭᠴᠢ ᠢᠨᠵᠠᠨᠨᠠᠰᠢ ᠶᠢᠨ ᠬᠠᠷᠠᠭᠠᠨ ᠳᠡᠬᠢ ᠪᠤᠷᠬᠠᠨ ᠱᠠᠰᠢᠨ |
Creator |
ᠲᠡᠷᠡᠢᠭᠦᠨᠪᠠᠶᠠᠷ |
Keyword |
ᠰᠡᠭᠡᠭᠡᠳᠡᠨ; ᠪᠤᠷᠬᠠᠨ ᠱᠠᠰᠢᠨ; ᠬᠤᠪᠢᠰᠤᠯᠳᠠ; ᠦᠵᠡᠯ ᠤᠬᠠᠮᠰᠠᠷ ᠤᠨ ᠬᠡᠯᠪᠡᠷᠢ |
Abstract |
ᠮᠤᠩᠭ᠋ᠤᠯ ᠤᠨ ᠤᠢᠢᠷ᠎ᠠ ᠦᠶ᠎ᠡ ᠶᠢᠨ ᠰᠤᠶᠤᠨ ᠭᠡᠭᠡᠷᠡᠭᠦᠯᠦᠭᠴᠢ ᠰᠡᠭᠡᠭᠡᠳᠡᠨ ᠬᠡᠮᠡᠨ ᠠᠯᠳᠠᠷᠰᠢᠭᠰᠠᠨ ᠢᠨᠵᠠᠨᠨᠠᠰᠢ ᠨᠢ ᠪᠤᠷᠬᠠᠨ ᠱᠠᠰᠢᠨ ᠤ ᠲᠤᠬᠠᠢ《ᠦᠪᠡᠷᠮᠢᠴᠡ》ᠦᠵᠡᠯᠳᠡ ᠲᠠᠨᠢᠯᠳᠠ ᠪᠠᠨ ᠲᠤᠷᠠᠳᠤᠭᠰᠠᠨ ᠪᠠᠢᠢᠳᠠᠭ᠃ ᠲᠡᠭᠦᠨ ᠤ ᠦᠵᠡᠯᠳᠡ ᠰᠠᠨᠠᠭ᠎ᠠ ᠨᠢ ᠬᠤᠷᠢᠳᠤᠭᠠᠷ ᠵᠠᠭᠤᠨ ᠤ ᠮᠤᠩᠭ᠋ᠤᠯ ᠰᠡᠭᠡᠭᠡᠳᠡᠳ᠂ ᠤᠯᠤᠰ ᠲᠦᠷᠦᠴᠢᠳ ᠨᠢ ᠠᠳᠠᠯᠢ ᠪᠤᠰᠤ ᠵᠤᠭᠰᠤᠴᠠ᠂ ᠠᠳᠠᠯᠢ ᠪᠤᠰᠤ ᠠᠰᠢᠭ ᠰᠤᠨᠢᠷᠬᠠᠯ ᠤᠨ ᠡᠭᠦᠳᠡᠨ ᠡᠴᠡ ᠲᠠᠬᠢᠨ ᠴᠤᠭᠴᠠᠯᠠᠵᠤ᠂ ᠲᠠᠬᠢᠨ ᠲᠠᠢᠢᠯᠪᠤᠷᠢᠯᠠᠵᠤ ᠂ ᠮᠦᠨ ᠡᠭᠦᠨ ᠤ ᠤᠯᠠᠮ ᠡᠴᠡ ᠪᠤᠷᠬᠠᠨ ᠱᠠᠰᠢᠨ ᠳᠤ ᠬᠡᠷᠬᠢᠨ ᠬᠠᠨᠳᠤᠬᠤ᠂ ᠪᠤᠷᠬᠠᠨ ᠱᠠᠰᠢᠨ ᠢ ᠬᠡᠷᠬᠢᠨ ᠦᠭᠡᠷᠡᠴᠢᠯᠡᠬᠦ᠂ ᠨᠡᠩ ᠴᠢᠨᠠᠭᠰᠢᠯᠠᠪᠠᠯ ᠪᠤᠷᠬᠠᠨ ᠱᠠᠰᠢᠨ ᠳᠤ ᠬᠡᠷᠬᠢᠨ ᠬᠤᠪᠢᠰᠬᠠᠯ ᠬᠢᠬᠦ ᠨᠡᠢᠢᠭᠡᠮ ᠤᠨ ᠦᠭᠡᠷᠡᠴᠢᠯᠡᠯᠳᠡ ᠶᠢᠨ 《ᠶᠡᠬᠡ ᠢᠨᠵᠸᠨ᠋ᠸᠷᠢᠩ》᠋ ᠳᠤ ᠪᠠᠨ ᠦᠵᠡᠯ ᠤᠬᠠᠮᠰᠠᠷ ᠤᠨ ᠬᠡᠯᠪᠡᠷᠢ ᠶᠢᠨ ᠪᠤᠶᠤ ᠨᠡᠢᠢᠭᠡᠮ ᠤᠨ ᠬᠡᠯᠡ ᠶᠠᠷᠢᠶ᠎ᠠ ᠶᠢᠨ ᠶᠡᠬᠡ ᠠᠵᠢᠯᠯᠠᠭ᠎ᠠ ᠬᠢᠵᠦ ᠪᠠᠢᠢᠭᠰᠠᠨ ᠶᠤᠮ᠃ ᠢᠨᠵᠠᠨᠨᠠᠰᠢ ᠶᠢᠨ ᠪᠤᠷᠬᠠᠨ ᠱᠠᠰᠢᠨ ᠤ ᠲᠤᠬᠠᠢ ᠦᠵᠡᠯᠳᠡ ᠲᠠᠨᠢᠯᠳᠠ ᠶᠢ ᠠᠩᠬᠠᠷᠤᠯ ᠳᠤ ᠪᠠᠨ ᠠᠪᠴᠤ᠂ ᠬᠤᠷᠢᠳᠤᠭᠠᠷ ᠵᠠᠭᠤᠨ ᠤ ᠮᠤᠩᠭ᠋ᠤᠯ ᠤᠨ ᠪᠤᠷᠬᠠᠨ ᠱᠠᠰᠢᠨ ᠤ ᠨᠡᠢᠢᠭᠡᠮ ᠰᠤᠶᠤᠯ ᠤᠨ ᠶᠡᠬᠡ ᠬᠤᠪᠢᠰᠤᠯᠳᠠ ᠶᠢ ᠲᠠᠬᠢᠨ ᠨᠠᠷᠢᠪᠴᠢᠯᠠᠬᠤ ᠨᠢ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ ᠃ |
Original Literature |
View Original Paper
|
出自 |
赤峰学院学报(蒙文哲学社会科学版)
2015年
第4期
|