Abstract |
ᠦᠯᠢᠭᠡᠷᠲᠦ ᠳᠠᠭᠤᠤ ᠶᠢ ᠪᠠᠭᠲᠠᠭᠠᠭᠰᠠᠨ ᠠᠷᠠᠳ ᠤᠨ ᠳᠠᠭᠤᠤ ᠶᠢᠨ ᠡᠮᠬᠢᠳᠭᠡᠯ ᠲᠡᠭᠦᠪᠦᠷ ᠨᠦᠬᠦᠳ ᠨᠢ ᠠᠷᠠᠳ ᠤᠨ ᠳᠠᠭᠤᠤ ᠶᠢ ᠠᠪᠤᠷᠠᠵᠤ ᠬᠠᠮᠠᠭᠠᠯᠠᠬᠤ ᠪᠤᠶᠤ ᠬᠦᠭ᠍ᠵᠢᠭᠦᠯᠦᠨ ᠳᠡᠯᠭᠡᠷᠡᠭᠦᠯᠬᠦ ᠳᠦ ᠮᠠᠰᠢ ᠴᠢᠬᠤᠯᠠ ᠦᠢᠯᠡᠳᠦᠯ ᠭᠠᠷᠭᠠᠭᠰᠠᠨ ᠶᠤᠮ᠃ ᠭᠡᠪᠡᠴᠦ ᠲᠡᠭᠦᠨ ᠳᠦ ᠠᠷᠠᠳ ᠤᠨ ᠳᠠᠭᠤᠤ ᠶᠢ ᠬᠠᠮᠠᠭᠠᠯᠠᠵᠤ ᠬᠦᠭ᠍ᠵᠢᠭᠦᠯᠬᠦ ᠢᠨ ᠬᠠᠮᠲᠤ ᠠᠷᠠᠳ ᠤᠨ ᠳᠠᠭᠤᠤ ᠶᠢᠨ ᠠᠮᠠᠨ ᠤᠷᠠᠯᠢᠭ ᠤᠨ ᠦᠪᠡᠷᠮᠢᠴᠡ ᠰᠢᠨᠵᠢ ᠶᠢ ᠪᠠᠯᠠᠷᠬᠠᠢ᠌ᠰᠢᠭᠤᠯᠤᠭᠰᠠᠨ ᠲᠠᠯ᠎ᠠ ᠴᠤ ᠪᠤᠢ᠃ ᠲᠤᠰ ᠦᠭᠦᠯᠡᠯ ᠳᠦ ᠡᠮᠬᠢᠳᠭᠡᠯ ᠲᠡᠭᠦᠪᠦᠷᠢ ᠶᠢᠨ ᠡᠨᠡ ᠲᠠᠯ᠎ᠠ ᠶᠢᠨ ᠭᠡᠮ ᠳᠤᠳᠠᠭᠳᠠᠯ ᠢ ᠵᠢᠭᠠᠨ ᠭᠠᠷᠭᠠᠬᠤ ᠶᠢᠨ ᠬᠠᠮᠲᠤ ᠦᠯᠢᠭᠡᠷᠲᠦ ᠳᠠᠭᠤᠤ ᠶᠢ ᠪᠠᠭᠲᠠᠭᠠᠭᠰᠠᠨ ᠠᠮᠠᠨ ᠤᠷᠠᠯᠢᠭ ᠤᠨ ᠬᠤᠢ᠌ᠰᠢᠲᠠ ᠶᠢᠨ ᠰᠤᠳᠤᠯᠭᠠᠨ ᠳᠤ ᠡᠮᠬᠢᠳᠭᠡᠯ ᠲᠡᠭᠦᠪᠦᠷᠢᠳᠦ ᠰᠠᠭᠤᠷᠢᠯᠠᠬᠤ ᠪᠢᠰᠢ᠂ ᠬᠠᠷᠢᠨ ᠪᠤᠳᠠᠲᠤ ᠲᠤᠭᠯᠠᠯᠲᠠ ᠳᠤ ᠰᠠᠭᠤᠷᠢᠯᠠᠬᠤ ᠨ ᠠᠮᠠᠨ ᠤᠷᠠᠯᠢᠭ ᠤᠨ ᠤᠯᠠᠮᠵᠢᠯᠠᠯ ᠢ ᠰᠡᠷᠭᠦᠭᠡᠨ᠂ ᠲᠡᠭᠦᠨ ᠢ ᠵᠢᠩᠬᠢᠨᠢ ᠬᠠᠮᠠᠭᠠᠯᠠᠵᠤ ᠬᠦᠭ᠍ᠵᠢᠭᠦᠯᠬᠦ ᠳᠦ ᠠᠰᠢᠭᠲᠠᠢ ᠪᠤᠯᠤᠨ᠎ᠠ ᠭᠡᠬᠦ ᠰᠠᠨᠠᠯ ᠢ ᠳᠡᠪᠰᠢᠭᠦᠯᠦᠭᠰᠡᠨ ᠪᠠᠢ᠌ᠨ᠎ᠠ᠃ |