Paper Information


Title ᠨᠤᠲᠤᠭ ᠪᠡᠯᠴᠢᠭᠡᠷ ᠢ ᠠᠳᠠᠯᠢ ᠪᠤᠰᠤ ᠠᠷᠭ᠎ᠠ ᠪᠠᠷ ᠠᠰᠢᠭᠯᠠᠬᠤ ᠪᠠᠢᠳᠠᠯ ᠳᠠᠬᠢ ᠲᠠᠴᠢᠷᠳᠠᠯ ᠢ ᠳᠦᠭᠦᠮ ᠦᠭᠦᠯᠡᠬᠦ ᠨᠢ — ᠰᠢᠯᠢ ᠶᠢᠨ ᠭᠤᠤᠯ ᠠᠢᠮᠠᠭ ᠤᠨ ᠠᠪᠠᠭ᠎ᠠ ᠬᠤᠰᠢᠭᠤᠨ ᠤ ᠶᠡᠬᠡᠨ᠋ᠤᠰᠤ ᠭᠠᠴᠠᠭ᠎ᠠ ᠪᠠᠷ ᠵᠢᠱᠢᠶᠡᠯᠡᠬᠦ ᠨᠢ
Creator ᠰᠡᠷᠡᠭᠦᠨ
Keyword ᠠᠪᠠᠭ᠎ᠠ ᠬᠤᠰᠢᠭᠤ; ᠨᠤᠲᠤᠭ ᠪᠡᠯᠴᠢᠭᠡᠷ; ᠠᠳᠠᠯᠢ ᠪᠣᠰᠤ ᠶᠢᠨ ᠠᠰᠢᠭᠯᠠᠯᠲᠠ; ᠤᠷᠭᠤᠮᠠᠯ ᠤᠨ ᠪᠦᠷᠬᠦᠴᠡ
Abstract ᠣᠢᠷ᠎ᠠ ᠶᠢᠨ ᠵᠢᠯ ᠦᠳ ᠲᠦ᠂ ᠦᠪᠦᠷ ᠮᠣᠩᠭᠤᠯ ᠤᠨ ᠦᠨᠳᠦᠷᠯᠢᠭ ᠦᠨ ᠪᠡᠯᠴᠢᠭᠡᠷ ᠨᠤᠲᠤᠭ ᠬᠦᠨᠳᠦ ᠨᠤᠴᠢᠲᠠᠢ ᠲᠠᠴᠢᠷᠳᠠᠭᠰᠠᠨ ᠨᠢ ᠬᠦᠮᠦᠰ ᠦᠨ ᠠᠩᠬᠠᠷᠤᠯ ᠢ ᠶᠡᠬᠡᠲᠡ ᠲᠠᠲᠠᠭᠰᠠᠨ ᠪᠠᠢᠨ᠎ᠠ᠃ ᠡᠨᠡ ᠨᠢ ᠪᠦᠬᠦ ᠪᠦᠮᠪᠦᠷᠴᠡᠭ ᠦᠨ ᠳᠤᠯᠠᠭᠠᠷᠠᠯᠲᠠ ᠲᠠᠢ ᠬᠤᠯᠪᠤᠭᠳᠠᠬᠤ ᠪᠠᠷ ᠦᠯᠦ ᠪᠠᠷᠠᠨ᠂ ᠣᠢᠷ᠎ᠠ ᠶᠢᠨ ᠭᠤᠴᠢᠭᠠᠳ ᠵᠢᠯ ᠦᠨ ᠦᠪᠦᠷ ᠮᠣᠩᠭᠤᠯ ᠤᠨ ᠨᠡᠢᠭᠡᠮ ᠠᠵᠤ ᠠᠬᠤᠢ ᠶᠢᠨ ᠬᠠᠮᠢᠶᠠᠷᠤᠯᠲᠠ ᠲᠠᠢ ᠴᠤ ᠨᠢᠭᠲᠠ ᠬᠤᠯᠪᠤᠭᠳᠠᠬᠤ ᠶᠤᠮ᠃ ᠲᠤᠰ ᠦᠭᠦᠯᠡᠯ ᠨᠢ ᠬᠦᠮᠦᠨ ᠪᠠᠢᠭᠠᠯᠢ ᠶᠢᠨ ᠣᠨᠣᠯ ᠢᠶᠠᠷ ᠵᠢᠯᠤᠭᠤᠳᠤᠮᠵᠢ ᠪᠤᠯᠭᠠᠵᠤ᠂ GIS ᠮᠡᠷᠭᠡᠵᠢᠯ ᠪᠡ ᠲᠤᠬᠠᠢ ᠶᠢᠨ ᠭᠠᠵᠠᠷ ᠲᠤ ᠪᠠᠢᠴᠠᠭᠠᠬᠤ ᠠᠷᠭ᠎ᠠ ᠶᠢ ᠬᠡᠷᠡᠭᠯᠡᠨ᠂ ᠠᠪᠠᠭ᠎ᠠ ᠬᠤᠰᠢᠭᠤᠨ ᠤ ᠶᠡᠬᠡᠨ᠋ᠤᠰᠤ ᠭᠠᠴᠠᠭ᠎ᠠ ᠪᠠᠷ ᠰᠤᠳᠤᠯᠬᠤ ᠣᠷᠤᠨ ᠢᠶᠠᠨ ᠪᠤᠯᠭᠠᠪᠠ᠃ ᠲᠤᠰ ᠭᠠᠴᠠᠭᠠᠨ ᠤ ᠣᠢᠷ᠎ᠠ ᠶᠢᠨ 20 ᠵᠢᠯ ᠦᠨ ᠨᠤᠲᠤᠭ ᠪᠡᠯᠴᠢᠭᠡᠷ ᠦᠨ ᠬᠤᠪᠢᠷᠠᠯᠲᠠ ᠶᠢᠨ ᠪᠠᠢᠳᠠᠯ ᠢ ᠠᠳᠠᠯᠢᠳᠬᠠᠨ ᠰᠤᠳᠤᠯᠤᠭᠰᠠᠨ ᠤ ᠳ᠋ᠦᠩ ᠳᠦ᠄ ᠨᠤᠲᠤᠭ ᠪᠡᠯᠴᠢᠭᠡᠷ ᠨᠡᠢᠳᠡᠮ ᠳᠡᠭᠡᠨ ᠲᠠᠴᠢᠷᠳᠠᠵᠤ᠂ ᠠᠳᠠᠯᠢ ᠪᠤᠰᠤ ᠠᠷᠭ᠎ᠠ ᠪᠠᠷ ᠠᠰᠢᠭᠯᠠᠬᠤ ᠪᠠᠢᠳᠠᠯ ᠳᠤᠤᠷ᠎ᠠ ᠤᠷᠭᠤᠮᠠᠯ ᠤᠨ ᠪᠦᠷᠬᠦᠴᠡ ᠶᠢᠨ ᠬᠤᠪᠢᠷᠠᠯᠲᠠ ᠶᠢᠨ ᠪᠠᠢᠳᠠᠯ ᠨᠢ ᠴᠤ ᠠᠳᠠᠯᠢ ᠦᠭᠡᠢ ᠪᠠᠢᠨ᠎ᠠ᠃ ᠡᠭᠦᠨ ᠳᠦ᠂ ᠵᠤᠰᠠᠯᠠᠩ ᠤᠨ ᠤᠷᠭᠤᠮᠠᠯ ᠤᠨ ᠪᠦᠷᠬᠦᠴᠡ ᠬᠠᠮᠤᠭ ᠤᠨ ᠮᠠᠭᠤ᠂ ᠡᠪᠦᠯᠵᠢᠶᠡᠨ ᠦ ᠤᠷᠭᠤᠮᠠᠯ ᠤᠨ ᠪᠦᠷᠬᠦᠴᠡ ᠬᠠᠮᠤᠭ ᠰᠠᠢᠨ ᠪᠠᠢᠬᠤ ᠠᠴᠠ ᠲᠠᠴᠢᠷᠳᠠᠭᠰᠠᠨ ᠬᠡᠮᠵᠢᠶ᠎ᠡ ᠪᠠᠭ᠎ᠠ ᠭᠡᠳᠡᠭ ᠢ ᠣᠯᠵᠤ ᠮᠡᠳᠡᠪᠡ᠃ ᠳᠡᠭᠡᠷᠡᠬᠢ ᠦᠷ᠎ᠡ ᠳ᠋ᠦᠩ ᠨᠢ ᠦᠪᠦᠷ ᠮᠣᠩᠭᠤᠯ ᠤᠨ ᠦᠨᠳᠦᠷᠯᠢᠭ ᠦᠨ ᠪᠡᠯᠴᠢᠭᠡᠷ ᠦᠨ ᠮᠠᠯ ᠠᠵᠤ ᠠᠬᠤᠢ ᠶᠢᠨ ᠣᠷᠤᠨ ᠳᠤ᠂ ᠤᠯᠠᠷᠢᠯ ᠬᠤᠪᠢᠶᠠᠵᠤ ᠨᠡᠭᠦᠳᠡᠯᠯᠡᠨ ᠮᠠᠯᠵᠢᠬᠤ ᠪᠤᠯ ᠪᠡᠯᠴᠢᠭᠡᠷ ᠪᠠ ᠪᠠᠢᠭᠠᠯᠢ ᠶᠢᠨ ᠠᠮᠢ ᠠᠬᠤᠢ ᠶᠢᠨ ᠰᠢᠰᠲ᠋ᠧᠮ ᠢ ᠬᠠᠮᠭᠠᠯᠠᠬᠤ ᠬᠠᠮᠤᠭ ᠤᠨ ᠰᠠᠢᠨ ᠠᠷᠭ᠎ᠠ ᠮᠦᠨ ᠭᠡᠰᠡᠨ ᠢ ᠭᠡᠷᠡᠴᠢᠯᠡᠭᠰᠡᠨ ᠪᠠᠢᠨ᠎ᠠ᠃
Original Literature No Original Paper
出自 内蒙古师范大学学报(自然科学蒙古文版) 2011年 第4期

联系我们


内蒙古大学图书馆
呼和浩特市大学西路235号
中国·内蒙古
P: (0471) 4992561
E: huangfeilong@imu.edu.cn