Paper Information


Title ᠠᠩᠭ᠍ᠯᠢ ᠪᠠ ᠮᠣᠩᠭᠤᠯ ᠵᠤᠢᠷ ᠰᠡᠴᠡᠨ ᠦᠭᠡ ᠶᠢᠨ ᠵᠦᠷᠢᠶᠡᠲᠦ ᠴᠢᠨᠠᠷ ᠪᠤᠯᠤᠨ ᠨᠡᠢᠲᠡᠯᠢᠭ ᠴᠢᠨᠠᠷ ᠢ ᠬᠠᠷᠢᠴᠠᠭᠤᠯᠤᠨ ᠦᠭᠦᠯᠡᠬᠦ ᠨᠢ
Creator ᠪᠠᠢ ᠲᠠᠨ᠎ᠠ
Keyword ᠵᠤᠢᠷ ᠰᠡᠴᠡᠨ ᠦᠭᠡ; ᠰᠤᠶᠤᠯ ᠤᠨ ᠵᠦᠷᠢᠶᠡᠲᠦ ᠴᠢᠨᠠᠷ; ᠰᠤᠶᠤᠯ ᠤᠨ ᠨᠡᠢᠲᠡᠯᠢᠭ ᠴᠢᠨᠠᠷ
Abstract ᠵᠤᠢᠷ ᠰᠡᠴᠡᠨ ᠦᠭᠡ ᠪᠤᠯ ᠳᠡᠯᠡᠬᠡᠢ ᠶᠢᠨ ᠡᠯ᠎ᠡ ᠦᠨᠳᠦᠰᠦᠲᠡᠨ ᠦ ᠠᠷᠠᠳ ᠲᠦᠮᠡᠨ ᠤᠷᠲᠤ ᠬᠤᠭᠤᠴᠠᠭᠠᠨ ᠤ ᠠᠮᠢᠳᠤᠷᠠᠯ ᠬᠦᠳᠡᠯᠮᠦᠷᠢ ᠳᠤᠮᠳᠠ ᠪᠠᠨ ᠬᠤᠷᠠᠮᠳᠤᠭᠤᠯᠤᠨ ᠴᠤᠭᠯᠠᠭᠤᠯᠤᠭᠰᠠᠨ ᠰᠤᠶᠤᠯ ᠤᠨ ᠦᠪ ᠬᠦᠷᠦᠩᠭᠡ ᠶᠤᠮ᠃ ᠵᠤᠢᠷ ᠰᠡᠴᠡᠨ ᠦᠭᠡ ᠨᠢ ᠲᠤᠪᠴᠢ ᠠᠪᠰᠠᠷᠬᠠᠨ᠂ ᠤᠳᠬ᠎ᠠ ᠲᠡᠭᠦᠯᠳᠡᠷ᠂ ᠬᠤᠱᠤᠩ ᠶᠦᠮᠦᠷᠯᠢᠭ ᠵᠡᠷᠭᠡ ᠣᠨᠴᠠᠯᠢᠭ ᠲᠠᠢ ᠪᠠᠢᠵᠤ᠂ ᠠᠮᠢᠳᠤᠷᠠᠯ ᠤᠨ ᠭᠦᠨ ᠤᠬᠠᠭᠠᠨ ᠢ ᠠᠮᠢᠳᠤᠯᠢᠭ ᠳᠦᠷᠰᠦᠯᠢᠭ ᠢᠶᠡᠷ ᠢᠯᠡᠷᠡᠭᠦᠯᠵᠦ᠂ ᠦᠨᠳᠦᠰᠦᠲᠡᠨ ᠦ ᠬᠡᠪ ᠨᠠᠮᠪᠠᠭ᠎ᠠ᠂ ᠬᠡᠯᠡ ᠰᠤᠶᠤᠯ ᠤᠨ ᠣᠭᠢ ᠰᠤᠳᠤ ᠶᠢ ᠬᠠᠷᠠᠭᠤᠯᠳᠠᠭ ᠪᠠᠢᠨ᠎ᠠ᠃ ᠦᠭᠦᠯᠡᠯ ᠳᠦ᠂ ᠵᠤᠢᠷ ᠰᠡᠴᠡᠨ ᠦᠭᠡ ᠶᠢᠨ ᠤᠬᠠᠭᠳᠠᠬᠤᠨ ᠢ ᠲᠤᠳᠤᠷᠬᠠᠢᠯᠠᠨ᠂ ᠣᠨᠴᠠᠯᠢᠭ ᠢ ᠵᠠᠳᠠᠯᠬᠤ ᠪᠠᠷ ᠳᠠᠮᠵᠢᠨ ᠠᠩᠭ᠍ᠯᠢ ᠪᠠ ᠮᠣᠩᠭᠤᠯ ᠢᠶᠠᠷ ᠰᠡᠴᠡᠨ ᠦᠭᠡᠨ ᠳᠦ ᠢᠯᠡᠷᠡᠭᠦᠯᠦᠭᠰᠡᠨ ᠰᠤᠶᠤᠯ ᠤᠨ ᠵᠦᠷᠢᠶᠡᠨᠲᠦ ᠴᠢᠨᠠᠷ ᠪᠤᠯᠤᠨ ᠨᠡᠢᠲᠡᠯᠢᠭ ᠴᠢᠨᠠᠷ ᠢ ᠰᠢᠨᠵᠢᠯᠡᠨ᠂ ᠠᠩᠭ᠍ᠯᠢ ᠵᠤᠢᠷ ᠰᠡᠴᠡᠨ ᠦᠭᠡ ᠶᠢ ᠮᠣᠩᠭᠤᠯ ᠢᠶᠠᠷ ᠣᠷᠴᠢᠭᠤᠯᠬᠤ ᠳᠤ ᠠᠩᠬᠠᠷᠤᠭᠤᠰᠢᠲᠠᠢ ᠬᠡᠳᠦᠨ ᠠᠰᠠᠭᠤᠳᠠᠯ ᠢ ᠵᠢᠭᠠᠨ ᠭᠠᠷᠭᠠᠵᠤ᠂ ᠰᠤᠶᠤᠯ ᠤᠨ ᠰᠤᠯᠢᠯᠴᠠᠭ᠎ᠠ ᠨᠢ ᠭᠠᠳᠠᠭᠠᠳᠤ ᠬᠡᠯᠡᠨ ᠦ ᠰᠤᠷᠤᠯᠴᠠᠯᠭ᠎ᠠ ᠳᠤ ᠴᠢᠬᠤᠯᠠ ᠰᠠᠭᠤᠷᠢ ᠪᠤᠯᠳᠠᠭ ᠭᠡᠳᠡᠭ ᠦᠵᠡᠯᠲᠡ ᠶᠢ ᠲᠤᠳᠤᠷᠬᠠᠢᠯᠠᠪᠠ᠃
Original Literature View Original Paper
出自 中国蒙古学 2015年 第2期

联系我们


内蒙古大学图书馆
呼和浩特市大学西路235号
中国·内蒙古
P: (0471) 4992561
E: huangfeilong@imu.edu.cn