Title |
ᠮᠣᠩᠭᠤᠯ ᠤᠳᠬ᠎ᠠ ᠵᠤᠬᠢᠶᠠᠯ ᠤᠨ ᠰᠤᠳᠤᠯᠭᠠᠨ ᠤ ᠤᠯᠠᠮᠵᠢᠯᠠᠯ ᠬᠢᠭᠡᠳ ᠲᠡᠭᠦᠨ ᠦ ᠠᠷᠭ᠎ᠠ ᠵᠦᠢ — ᠮᠣᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠦ ᠰᠠᠯᠠᠭ᠎ᠠ ᠶᠢᠨ ᠲᠡᠦᠬᠡ ᠶᠢᠨ ᠲᠤᠭᠤᠷᠢᠨ ᠳᠤ |
Creator |
ᠳᠤᠷᠤᠨᠠᠲ᠋ᠡᠭᠷᠢ; ᠡᠷᠳᠡᠨᠢᠭᠡᠷᠡᠯ |
Keyword |
ᠮᠣᠩᠭᠤᠯ ᠤᠳᠬ᠎ᠠ ᠵᠤᠬᠢᠶᠠᠯ; ᠰᠢᠨᠵᠢᠯᠡᠭᠡᠨ ᠦ ᠰᠠᠯᠠᠭ᠎ᠠ; ᠰᠤᠳᠤᠯᠭᠠᠨ ᠤ ᠤᠯᠠᠮᠵᠢᠯᠠᠯ |
Abstract |
ᠮᠣᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠦ ᠰᠠᠯᠠᠭ᠎ᠠ ᠪᠤᠯ ᠳᠡᠯᠡᠬᠡᠢ ᠶᠢᠨ ᠴᠢᠨᠠᠷᠲᠠᠢ ᠮᠡᠳᠡᠯᠭᠡ ᠶᠢᠨ ᠲᠤᠭᠲᠠᠯᠴᠠᠭ᠎ᠠ ᠪᠤᠯᠤᠨ᠎ᠠ᠃ ᠲᠡᠷᠡ ᠨᠢ ᠡᠷᠲᠡᠨ ᠦ ᠮᠡᠷᠭᠡᠳ ᠦᠨ ᠠᠯᠳᠠᠭ ᠣᠨᠣᠭ ᠦᠭᠦᠯᠡᠯᠲᠡ ᠡᠴᠡ ᠣᠷᠴᠢᠨ ᠦᠶ᠎ᠡ ᠶᠢᠨ ᠡᠷᠳᠡᠮᠲᠡᠳ ᠦᠨ ᠰᠢᠰᠲ᠋ᠧᠮᠲᠦ ᠰᠤᠳᠤᠯᠭᠠᠨ ᠤᠷᠤᠭᠤ᠂ ᠡᠷᠲᠡᠨ ᠦ ᠦᠶ᠎ᠡ ᠶᠢᠨ ᠤᠬᠠᠭᠠᠨ ᠤ ᠣᠷᠤᠨ ᠠᠴᠠ ᠣᠷᠴᠢᠨ ᠦᠶ ᠡ ᠶᠢᠨ ᠰᠢᠨᠵᠢᠯᠡᠭᠡᠨ ᠦ ᠰᠠᠯᠠᠭ᠎ᠠ ᠤᠷᠤᠭᠤ᠂ ᠣᠷᠤᠨ ᠨᠤᠲᠤᠭ ᠤᠨ ᠪᠢᠴᠢᠭᠲᠡᠳ ᠦᠨ ᠰᠢᠨᠵᠢᠯᠡᠯ ᠡᠴᠡ ᠳᠡᠯᠡᠬᠡᠢ ᠲᠠᠶᠠᠭᠠᠷ ᠤᠨ ᠡᠷᠳᠡᠮᠲᠡᠳ ᠦᠨ ᠰᠤᠳᠤᠯᠤᠯ ᠤᠷᠤᠭᠤ᠂ ᠮᠡᠳᠡᠯᠭᠡ ᠶᠢᠨ ᠴᠡᠭᠴᠡᠯᠡᠯ᠂ ᠮᠡᠳᠡᠯᠭᠡ ᠶᠢᠨ ᠠᠩᠭᠢᠯᠠᠯ ᠠᠴᠠ ᠮᠡᠳᠡᠯᠭᠡ ᠶᠢᠨ ᠦᠢᠯᠡᠳᠪᠦᠷᠢᠯᠡᠯ᠂ ᠴᠢᠳᠠᠪᠤᠷᠢᠲᠠᠨ ᠤ ᠬᠦᠮᠦᠵᠢᠭᠦᠯᠦᠯ ᠤᠷᠤᠭᠤ ᠬᠦᠭᠵᠢᠵᠦ ᠢᠷᠡᠪᠡ; ᠮᠣᠩᠭᠤᠯ ᠤᠳᠬ᠎ᠠ ᠵᠤᠬᠢᠶᠠᠯ ᠤᠨ ᠰᠢᠨᠵᠢᠯᠡᠭᠡᠨ ᠦ ᠰᠠᠯᠠᠭ᠎ᠠ ᠳᠤ ᠲᠤᠯᠭᠠᠷᠠᠵᠤ ᠪᠠᠢᠭ᠎ᠠ ᠭᠤᠤᠯ ᠠᠰᠠᠭᠤᠳᠠᠯ ᠪᠤᠯ ᠰᠢᠨᠵᠢᠯᠡᠭᠡᠨ ᠦ ᠰᠠᠯᠠᠭ᠎ᠠ ᠶᠢᠨ ᠳᠤᠲᠤᠭᠠᠳᠤ ᠶᠢᠨ ᠰᠤᠷᠠᠭ ᠴᠢᠮᠡᠭᠡ ᠶᠢᠨ ᠲᠦᠭᠵᠢᠷᠡᠯ ᠪᠤᠯᠤᠨ᠎ᠠ᠃ ᠲᠤᠬᠠᠢᠯᠠᠪᠠᠯ ᠬᠢᠯᠢ ᠶᠢᠨ ᠳᠤᠲᠤᠨ᠎ᠠ ᠶᠢᠨ ᠰᠤᠳᠤᠯᠤᠭᠴᠢᠳ ᠬᠢᠯᠢ ᠶᠢᠨ ᠭᠠᠳᠠᠨ᠎ᠠ ᠶᠢᠨ ᠰᠤᠳᠤᠯᠭᠠᠨ ᠤ ᠪᠠᠢᠳᠠᠯ᠂ ᠰᠤᠷᠠᠭ ᠵᠠᠩᠭᠢ ᠶᠢ ᠦᠯᠦ ᠣᠢᠯᠠᠭᠠᠬᠤ᠂ ᠲᠡᠭᠦᠨ ᠦ ᠮᠠᠲ᠋ᠧᠷᠢᠶᠠᠯ ᠰᠡᠯᠳᠡ ᠶᠢ ᠦᠯᠦ ᠠᠰᠢᠭᠯᠠᠬᠤ᠂ ᠬᠢᠯᠢ ᠶᠢᠨ ᠭᠠᠳᠠᠨ᠎ᠠ ᠶᠢᠨ ᠰᠤᠳᠤᠯᠤᠭᠴᠢᠳ ᠬᠢᠯᠢ ᠶᠢᠨ ᠳᠤᠲᠤᠨ᠎ᠠ ᠶᠢᠨ ᠰᠤᠳᠤᠯᠭᠠᠨ ᠤ ᠪᠠᠢᠳᠠᠯ᠂ ᠰᠤᠷᠠᠭ ᠵᠠᠩᠭᠢ ᠶᠢ ᠦᠯᠦ ᠣᠢᠯᠠᠭᠠᠬᠤ᠂ ᠲᠡᠭᠦᠨ ᠦ ᠮᠠᠲ᠋ᠧᠷᠢᠶᠠᠯ ᠰᠡᠯᠳᠡ ᠶᠢ ᠦᠯᠦ ᠠᠰᠢᠭᠯᠠᠬᠤ ᠶᠠᠪᠤᠳᠠᠯ ᠪᠤᠯᠤᠨ᠎ᠠ; ᠮᠣᠩᠭᠤᠯ ᠤᠳᠬ᠎ᠠ ᠵᠤᠬᠢᠶᠠᠯ ᠤᠨ ᠰᠤᠳᠤᠯᠭᠠᠨ ᠪ ᠬᠦᠷᠢᠶᠡᠨ ᠳᠦ ᠵᠢᠷᠭᠤᠭᠠᠨ ᠵᠤᠢᠯ ᠤᠨ ᠰᠤᠳᠤᠯᠭᠠᠨ ᠤ ᠤᠯᠠᠮᠵᠢᠯᠠᠯ᠂ ᠲᠡᠭᠦᠨ ᠦ ᠠᠷᠭ᠎ᠠ ᠵᠦᠢ ᠪᠦᠷᠢᠯᠳᠦᠨ ᠲᠤᠭᠲᠠᠭᠰᠠᠨ ᠪᠠᠢᠳᠠᠭ᠃ ᠣᠯᠠᠨ ᠡᠬᠡᠲᠦ ᠨᠢᠭᠡ ᠴᠤᠭᠴᠠ ᠶᠢᠨ ᠤᠷᠤᠰᠢᠬᠤᠢ ᠪᠤᠯ ᠲᠡᠭᠦᠨ ᠦ ᠦᠨᠳᠦᠰᠦᠨ ᠣᠨᠴᠠᠯᠢᠭ ᠪᠤᠯᠤᠨ᠎ᠠ; ᠮᠣᠩᠭᠤᠯ ᠤᠳᠬ᠎ᠠ ᠵᠤᠬᠢᠶᠠᠯ ᠤᠨ ᠰᠤᠳᠤᠯᠭᠠᠨ ᠤ ᠡᠴᠦᠰ ᠦᠨ ᠵᠤᠷᠢᠯᠭ᠎ᠠ ᠨᠢ ᠵᠦᠪᠬᠡᠨ ᠰᠢᠨᠵᠢᠯᠡᠭᠡᠨ ᠦ ᠰᠠᠯᠠᠭ᠎ᠠ ᠶᠢ ᠴᠤᠭᠴᠠᠯᠠᠨ ᠪᠠᠢᠭᠤᠯᠬᠤ ᠶᠠᠪᠤᠳᠠᠯ ᠪᠤᠰᠤ᠂ ᠬᠠᠷᠢᠨ ᠰᠢᠨᠵᠢᠯᠡᠭᠡᠨ ᠦ ᠰᠠᠯᠠᠭ᠎ᠠ ᠭᠡᠬᠦ ᠣᠷᠴᠢᠨ ᠦᠶ᠎ᠡ ᠶᠢᠨ ᠮᠡᠳᠡᠯᠭᠡ ᠶᠢᠨ ᠳᠦᠷᠢᠮᠰᠢᠯ᠂ ᠲᠡᠭᠦᠨ ᠦ ᠲᠤᠭᠲᠠᠯᠴᠠᠭ ᠠ ᠪᠠᠷ ᠮᠣᠩᠭᠤᠯ ᠤᠳᠬ᠎ᠠ ᠵᠤᠬᠢᠶᠠᠯ ᠤᠨ ᠰᠤᠳᠤᠯᠭᠠᠨ ᠢ ᠵᠤᠬᠢᠶᠠᠨ ᠪᠦᠲᠦᠭᠡᠯᠭᠡ ᠳᠦ ᠦᠨᠳᠦᠰᠦᠯᠡᠯ ᠬᠠᠩᠭᠠᠬᠤ᠂ ᠦᠵᠡᠯ ᠰᠠᠨᠠᠭ᠎ᠠ ᠶᠢᠨ ᠤᠯᠠᠮᠵᠢᠯᠠᠯ ᠢ ᠴᠤᠭᠴᠠᠯᠠᠬᠤ᠂ ᠪᠤᠯᠪᠠᠰᠤᠨ ᠤ ᠶᠠᠷᠢᠯᠴᠠᠭ᠎ᠠ ᠳᠤ ᠣᠷᠤᠯᠴᠠᠬᠤ᠂ ᠣᠷᠴᠢᠯᠠᠩ ᠤᠨ ᠲᠢᠭᠯᠢᠮ ᠦᠨ ᠴᠤᠭᠴᠠᠯᠠᠯ ᠳᠤ ᠦᠢᠯᠡᠴᠢᠯᠡᠭᠦᠯᠬᠦ ᠪᠤᠯᠤᠨ᠎ᠠ᠃ |
Original Literature |
View Original Paper
|
出自 |
中国蒙古学
2016年
第2期
|