Title |
ᠱᠠᠰᠢᠨ ᠰᠢᠳᠦᠯᠭᠡ ᠡᠴᠡ ᠮᠤᠩᠭ᠋ᠤᠯ ᠠᠷᠠᠳ ᠤᠨ ᠭᠡᠷ ᠤᠨ ᠰᠤᠷᠭᠠᠯ ᠢ ᠨᠦᠯᠦᠭᠡᠯᠡᠭᠰᠡᠨ ᠲᠤᠬᠠᠢ |
Creator |
ᠪᠤᠤ ᠬᠤᠩ ᠭᠠᠩ; ᠢᠦᠢ ᠯᠠᠨ |
Keyword |
ᠱᠠᠰᠢᠨ ᠰᠢᠳᠦᠯᠭᠡ; ᠮᠤᠩᠭ᠋ᠤᠯ ᠠᠷᠠᠳ ᠤᠨ ᠭᠡᠷ ᠤᠨ ᠰᠤᠷᠭᠠᠯ; ᠨᠦᠯᠦᠭᠡᠯᠡᠯ |
Abstract |
ᠲᠤᠰ ᠦᠭᠦᠯᠡᠯ ᠳᠤ ᠱᠠᠰᠢᠨ ᠰᠢᠳᠦᠯᠭᠡ ᠬᠢᠭᠡᠳ ᠮᠤᠩᠭ᠋ᠤᠯ ᠠᠷᠠᠳ ᠤᠨ ᠭᠡᠷ ᠤᠨ ᠰᠤᠷᠭᠠᠯ ᠤᠨ ᠡᠭᠦᠰᠦᠯ ᠢ ᠲᠤᠷᠠᠳᠬᠤ ᠶᠢᠨ ᠬᠠᠮᠳᠤ ᠱᠠᠰᠢᠨ ᠰᠢᠳᠦᠯᠭᠡ ᠡᠴᠡ ᠮᠤᠩᠭ᠋ᠤᠯ ᠠᠷᠠᠳ ᠤᠨ ᠭᠡᠷ ᠤᠨ ᠰᠤᠷᠭᠠᠯ ᠳᠤ ᠦᠵᠡᠭᠦᠯᠦᠭᠰᠡᠨ ᠨᠦᠯᠦᠭᠡ ᠶᠢ ᠭᠤᠤᠯᠳᠠᠭᠤ ᠴᠡᠭᠡᠷ ᠬᠢᠴᠢᠶᠡᠮᠵᠢ᠂ ᠦᠯᠢᠭᠡᠷ ᠲᠤᠮᠤᠭ᠂ ᠰᠤᠷᠭᠠᠯ ᠤᠨ ᠰᠢᠯᠦᠭ᠂ ᠠᠷᠠᠳ ᠤᠨ ᠲᠠᠭᠤᠤ ᠪᠡᠷ ᠲᠠᠮᠵᠢᠨ ᠨᠦᠯᠦᠭᠡᠯᠡᠭᠰᠡᠨ ᠢ ᠦᠭᠦᠯᠡᠵᠦ᠂ ᠱᠠᠰᠢᠨ ᠰᠢᠳᠦᠯᠭᠡ ᠬᠢᠭᠡᠳ ᠮᠤᠩᠭ᠋ᠤᠯ ᠠᠷᠠᠳ ᠤᠨ ᠭᠡᠷ ᠤᠨ ᠰᠤᠷᠭᠠᠯ ᠪᠤᠯ ᠪᠦᠬᠦᠢ᠌ᠯᠡ ᠮᠤᠩᠭ᠋ᠤᠯ ᠰᠤᠶᠤᠯ ᠤᠨ ᠨᠢᠭᠡᠨ ᠴᠢᠬᠤᠯᠠ ᠪᠦᠷᠢᠯᠳᠦᠬᠦᠨ ᠪᠠᠢ᠌ᠵᠤ᠂ ᠮᠤᠩᠭ᠋ᠤᠯ ᠤᠨ ᠤᠯᠠᠨ ᠦᠶ᠎ᠡ ᠶᠢᠨ ᠠᠷᠠᠳ ᠲᠦᠮᠡᠨ ᠤ ᠬᠠᠮᠳᠤ ᠶᠢᠨ ᠤᠶᠤᠨ ᠪᠢᠯᠢᠭ᠌ ᠤᠨ ᠲᠠᠯᠠᠰᠳᠤ᠂ ᠡᠭᠦᠨ ᠢ ᠭᠦᠨᠵᠡᠭᠡᠢ᠌ᠷᠡᠭᠦᠯᠦᠨ ᠰᠤᠳᠤᠯᠬᠤ ᠨᠢ ᠮᠤᠩᠭ᠋ᠤᠯᠴᠤᠳ ᠤᠨ ᠰᠡᠳᠭᠢᠬᠦᠢ ᠶᠢᠨ ᠬᠡᠯᠪᠡᠷᠢ ᠵᠢᠴᠢ ᠡᠰᠢ ᠶᠤᠰᠤᠨ ᠤ ᠦᠵᠡᠯᠳᠡ᠂ ᠭᠦᠨ ᠤᠬᠠᠭᠠᠨ᠂ ᠭᠤᠣ᠎ᠠ ᠰᠠᠢ᠌ᠬᠠᠨ ᠤ ᠦᠷᠳᠡᠭ ᠤᠨ ᠦᠵᠡᠯᠳᠡ ᠵᠡᠷᠭᠡ ᠶᠢ ᠲᠠᠨᠢᠨ ᠤᠢ᠌ᠯᠠᠭᠠᠬᠤ᠂ ᠦᠨᠳᠦᠰᠦᠳᠡᠨ ᠤ ᠪᠠᠨ ᠰᠢᠯᠢᠳᠡᠭ ᠰᠠᠢ᠌ᠬᠠᠨ ᠰᠤᠶᠤᠯ ᠤᠨ ᠦᠪ ᠢ ᠵᠠᠯᠭᠠᠮᠵᠢᠠᠯᠨ ᠴᠢᠨᠠᠭᠰᠢᠳᠠ ᠪᠠᠳᠠᠷᠠᠭᠤᠯᠤᠨ ᠬᠦᠭ᠍ᠵᠢᠭᠦᠯᠬᠦ ᠳᠤ ᠠᠯᠤᠰ ᠬᠡᠳᠦ ᠶᠢᠨ ᠴᠢᠬᠤᠯᠠ ᠠᠴᠢ ᠬᠤᠯᠪᠤᠭᠳᠠᠯ ᠲᠠᠢ ᠪᠤᠯᠬᠤ ᠶᠢ ᠦᠭᠦᠯᠡᠪᠡ᠃ |
Original Literature |
View Original Paper
|
出自 |
内蒙古民族大学学报(社会科学)
2015年
第1期
|