Title |
ᠴᠢᠩᠭᠢᠰ ᠬᠠᠭᠠᠨ ᠤ ᠬᠠᠤᠯᠢ ᠪᠠᠷ ᠤᠯᠤᠰ ᠢᠶᠠᠨ ᠵᠠᠰᠠᠬᠤ ᠦᠵᠡᠯ ᠰᠠᠨᠠᠭ᠎ᠠ ᠶᠢ ᠰᠢᠨᠵᠢᠯᠡᠬᠦ ᠨᠢ |
Creator |
ᠪᠤᠤ ᠵᠢᠨ ᠬᠤᠸᠠ |
Keyword |
ᠴᠢᠩᠭᠢᠰ ᠬᠠᠭᠠᠨ; ᠮᠣᠩ᠋ᠭᠤᠯ ᠦᠨᠳᠦᠰᠦᠲᠡᠨ; ᠶᠡᠬᠡ ᠵᠠᠰᠠᠭ; ᠬᠠᠤᠯᠢ ᠪᠠᠷ ᠤᠯᠤᠰ ᠢᠶᠠᠨ ᠵᠠᠰᠠᠬᠤ ᠦᠵᠡᠯ ᠰᠠᠨᠠᠭ᠎ᠠ |
Abstract |
ᠴᠢᠩᠭᠢᠰ ᠬᠠᠭᠠᠨ ᠪᠤᠯ ᠬᠠᠤᠯᠢ ᠴᠠᠭᠠᠵᠠ ᠪᠠᠷ ᠤᠯᠤᠰ ᠢᠶᠠᠨ ᠵᠠᠰᠠᠭᠴᠢ ᠠᠪᠢᠶᠠᠰ ᠪᠢᠯᠢᠭ᠌ ᠲᠡᠢ ᠬᠠᠭᠠᠨ ᠪᠤᠯᠤᠨ᠎ᠠ᠃ 12᠋ ᠳᠤᠭᠠᠷ ᠵᠠᠭᠤᠨ ᠤ ᠰᠡᠭᠦᠯᠴᠢ 13 ᠋ ᠳᠤᠭᠠᠷ ᠵᠠᠭᠤᠨ ᠤ ᠡᠬᠢᠨ ᠢᠶᠡᠷ ᠴᠢᠩᠭᠢᠰ ᠬᠠᠭᠠᠨ ᠮᠣᠩ᠋ᠭᠤᠯ ᠤᠨ ᠦᠨᠳᠦᠷᠯᠢᠭ᠌᠌ ᠦᠨ ᠣᠯᠠᠨ ᠠᠢ᠌ᠮᠠᠭ ᠤᠳ ᠢ ᠳᠠᠢ᠌ᠯᠠᠨ ᠳᠠᠭᠠᠭᠤᠯᠵᠤ᠂ ᠶᠡᠬᠡ ᠮᠣᠩ᠋ᠭᠤᠯ ᠤᠯᠤᠰ ᠢ ᠪᠠᠢ᠌ᠭᠤᠯᠬᠤ ᠶᠠᠪᠤᠴᠠ ᠳᠠᠭᠠᠨ 《ᠶᠡᠬᠡ ᠵᠠᠰᠠᠭ》᠋ ᠢ ᠡᠭᠦᠳᠦᠭᠰᠡᠨ ᠡᠴᠡ ᠮᠣᠩ᠋ᠭᠤᠯ ᠦᠨᠳᠦᠰᠦᠲᠡᠨ ᠠᠩ᠋ᠬ᠎ᠠ ᠡᠬᠢᠯᠡᠨ ᠦᠰᠦᠭ ᠪᠢᠴᠢᠭ᠌ ᠢᠶᠡᠷ ᠲᠤᠭᠲᠠᠭᠠᠭᠰᠠᠨ ᠪᠦᠷᠢᠨ ᠪᠦᠲᠦᠨ ᠬᠠᠤᠯᠢ ᠴᠠᠭᠠᠵᠠ ᠲᠠᠢ ᠪᠤᠯᠵᠠᠢ᠃ ᠴᠢᠩᠭᠢᠰ ᠬᠠᠭᠠᠨ᠂ ᠠᠽᠢᠶ᠎ᠠ ᠡᠸᠦ᠋ᠷᠦᠫᠡ ᠬᠤᠶᠠᠷ ᠲᠢᠪ ᠢ ᠰᠤᠨᠳᠠᠯᠠᠭᠰᠠᠨ ᠠᠪᠤᠷᠭᠤ ᠶᠡᠬᠡ ᠡᠵᠡᠨᠲᠦ ᠤᠯᠤᠰ ᠢ ᠪᠠᠢ᠌ᠭᠤᠯᠵᠤ᠂ ᠰᠢᠨ᠎ᠡ ᠨᠢᠭᠡᠨ ᠳᠡᠯᠡᠬᠡᠢ ᠶᠢᠨ ᠪᠠᠢ᠋ᠷᠢᠰᠢᠯ ᠢ ᠪᠤᠢ ᠪᠤᠯᠭᠠᠭᠰᠠᠨ ᠠᠴᠠ ᠮᠣᠩ᠋ᠭᠤᠯ ᠤᠨ ᠬᠠᠤᠯᠢ ᠴᠠᠭᠠᠵᠠ ᠶᠢᠨ ᠰᠤᠶᠤᠯ ᠨᠢ ᠳᠡᠯᠡᠬᠡᠢ ᠶᠢᠨ ᠡᠷᠲᠡᠨ ᠦ ᠲᠡᠦᠬᠡ ᠰᠤᠶᠤᠯ ᠢ ᠭᠦᠨ ᠨᠦᠯᠦᠭᠡᠯᠡᠵᠡᠢ᠃ 《ᠶᠡᠬᠡ ᠵᠠᠰᠠᠭ》ᠲᠤ ᠨᠡᠭᠦᠳᠡᠯ ᠮᠠᠯᠵᠢᠯ ᠤᠨ ᠪᠤᠯᠪᠠᠰᠤᠨ ᠤ ᠣᠨᠴᠠᠯᠢᠭ ᠪᠦᠬᠦᠢ ᠮᠣᠨ᠋ᠭᠤᠯ ᠤᠨ ᠬᠠᠤᠯᠢ ᠶᠢᠨ ᠰᠢᠰᠲ᠋ᠧᠮ ᠪᠠ ᠨᠡᠢ᠌ᠭᠡᠮ ᠦᠨ ᠬᠠᠮᠢᠶᠠᠷᠤᠯᠲᠠ ᠶᠢᠨ ᠬᠠᠤᠯᠢ ᠴᠠᠭᠠᠵᠠ ᠶᠢᠨ ᠳᠦᠷᠢᠮ ᠢ ᠡᠭᠦᠳᠴᠦ᠂ ᠬᠠᠤᠯᠢ ᠪᠠᠷ ᠤᠯᠤᠰ ᠢᠶᠠᠨ ᠵᠠᠰᠠᠬᠤ ᠰᠢᠨ᠎ᠡ ᠴᠠᠭ ᠦᠶ ᠡ ᠶᠢ ᠨᠡᠭᠡᠭᠡᠨ᠂ ᠮᠣᠩ᠋ᠭᠤᠯ ᠦᠨᠳᠦᠰᠦᠲᠡᠨ ᠢ ᠬᠠᠤᠯᠢ ᠳᠦᠷᠢᠮᠲᠦ ᠦᠨᠳᠦᠰᠦᠲᠡᠨ ᠦ ᠡᠩᠨᠡᠭᠡᠨ ᠳᠦ ᠣᠷᠤᠭᠤᠯᠵᠠᠢ᠃ ᠲᠤᠰ ᠦᠭᠦᠯᠡᠯ ᠭᠤᠤᠯᠳᠠᠭᠤ ᠴᠢᠩᠭᠢᠰ ᠬᠠᠭᠠᠨ ᠤ ᠬᠠᠤᠯᠢ ᠲᠤᠭᠲᠠᠭᠠᠯᠲᠠ ᠪᠤᠯᠤᠨ ᠬᠠᠤᠯᠢ ᠴᠠᠭᠠᠵᠠ ᠶᠢᠨ ᠦᠢᠯᠡᠳᠦᠯᠭᠡ ᠶᠢ ᠨᠠᠷᠢᠪᠴᠢᠯᠠᠨ ᠰᠢᠨᠵᠢᠵᠦ᠂ ᠲᠡᠭᠦᠨ ᠦ ᠬᠠᠤᠯᠢ ᠪᠠᠷ ᠤᠯᠤᠰ ᠢᠶᠠᠨ ᠵᠠᠰᠠᠬᠤ ᠦᠵᠡᠯ ᠰᠠᠨᠠᠭ᠎ᠠ ᠶᠢ ᠦᠭᠦᠯᠡᠵᠡᠢ᠃ |
Original Literature |
View Original Paper
|
出自 |
中国蒙古学
2014年
第2期
|