Title |
ᠣᠷᠴᠢᠨ ᠣᠳᠣ ᠦᠶ ᠡ ᠶᠢᠨ ᠮᠣᠩᠭᠤᠯ ᠰᠤᠶᠤᠯ ᠤᠨ ᠵᠢᠳᠭᠦᠯᠲᠡᠨ ᠡᠷᠳᠡᠨᠢᠲᠤᠭᠲᠠᠬᠤ ᠶᠢᠨ ᠨᠠᠮᠳᠠᠷᠴᠢᠯᠠᠭᠰᠠᠨ ᠰᠢᠨᠵᠢᠯᠡᠭᠡ |
Creator |
ᠪᠤᠤ ᠰᠠᠴᠤᠷᠠ; ᠵᠠ · ᠢᠯᠠᠨ |
Keyword |
ᠡᠷᠳᠡᠨᠢᠲᠤᠭᠲᠠᠬᠤ; ᠮᠣᠩᠭᠤᠯ ᠰᠤᠶᠤᠯ ᠤᠨ ᠵᠢᠳᠭᠦᠯᠲᠡᠨ; ᠦᠢᠯᠡ ᠠᠵᠢᠯᠯᠠᠭ᠎ᠠ; ᠦᠵᠡᠯ ᠪᠤᠳᠤᠯ |
Abstract |
ᠡᠷᠳᠡᠨᠢᠲᠤᠭᠲᠠᠬᠤ ᠪᠤᠯ ᠮᠠᠨ ᠤ ᠮᠣᠩᠭᠤᠯ ᠬᠡᠯᠡ ᠪᠢᠴᠢᠭ ᠦᠨ ᠠᠵᠢᠯ ᠤᠨ ᠹᠷᠤᠨᠲ ᠳᠡᠭᠡᠷ᠎ᠡ 《ᠠᠷᠠᠳ ᠢ ᠰᠡᠩᠬᠡᠷᠡᠭᠦᠯᠵᠦ ᠤᠭᠰᠠᠭ᠎ᠠ ᠪᠠᠨ ᠮᠠᠨᠳᠤᠭᠤᠯᠬᠤ》 ᠶᠢᠨ ᠲᠦᠯᠦᠭᠡ ᠨᠠᠰᠤᠨ ᠲᠤᠷᠰᠢᠲᠠ ᠴᠢᠷᠮᠠᠢᠨ ᠠᠵᠢᠯᠯᠠᠭᠰᠠᠨ ᠨᠠᠮ ᠵᠠᠰᠠᠭ ᠤᠨ ᠰᠢᠯᠢᠳᠡᠭ ᠤᠳᠤᠷᠢᠳᠤᠯᠭ᠎ᠠ ᠶᠢᠨ ᠨᠢᠭᠡ᠂ ᠮᠣᠩᠭᠤᠯ ᠦᠨᠳᠦᠰᠦᠲᠡᠨ ᠦ ᠬᠡᠯᠡ ᠪᠢᠴᠢᠭ᠂ ᠰᠤᠨᠢᠨ ᠰᠡᠳᠭᠦᠯ᠂ ᠨᠤᠮ ᠬᠡᠪᠯᠡᠯ ᠬᠢᠭᠡᠳ ᠣᠷᠴᠢᠭᠤᠯᠭ᠎ᠠ ᠶᠢᠨ ᠠᠵᠢᠯ ᠳᠤ ᠰᠢᠭᠤᠷᠬᠠᠢᠯᠠᠨ ᠣᠷᠤᠯᠴᠠᠵᠤ ᠠᠯᠳᠠᠷ ᠢᠶᠠᠨ ᠳᠠᠭᠤᠷᠢᠰᠬᠠᠭᠰᠠᠨ ᠨᠡᠷᠡᠲᠦ ᠵᠢᠳᠭᠦᠯᠲᠡᠨ ᠪᠦᠭᠡᠳ ᠮᠣᠨᠭᠤᠯ ᠬᠡᠯᠡ ᠪᠢᠴᠢᠭ ᠦᠨ ᠰᠤᠳᠤᠯᠭᠠᠨ ᠪᠠ ᠮᠣᠩᠭᠤᠯ ᠤᠳᠬ᠎ᠠ ᠵᠤᠬᠢᠶᠠᠯ ᠰᠤᠳᠤᠯᠭᠠᠨ ᠤ ᠠᠵᠢᠯ ᠢ ᠤᠳᠤᠷᠢᠳᠤᠨ ᠳᠠᠭᠠᠭᠤᠯᠤᠭᠰᠠᠨ ᠭᠠᠪᠢᠶᠠᠲᠤ ᠡᠷᠳᠡᠮᠲᠡᠨ ᠮᠦᠨ᠃ ᠲᠡᠭᠦᠨ ᠦ ᠲᠦᠷᠦᠵᠦ ᠦᠰᠦᠭᠰᠡᠨ ᠨᠤᠲᠤᠭ ᠤᠰᠤᠨ ᠤ ᠪᠠᠨ ᠲᠤᠬᠠᠢ ᠬᠠᠢᠷ᠎ᠠ ᠰᠡᠳᠬᠢᠯᠭᠡ᠂ ᠭᠡᠷ ᠪᠦᠯᠢ ᠳᠡᠬᠢ ᠬᠠᠷᠢᠭᠤᠴᠠᠯᠭ᠎ᠠ ᠳᠤᠲᠤᠮᠳᠠᠯᠭᠠ ᠪᠠ ᠪᠠᠭ᠎ᠠ ᠨᠠᠰᠤᠨ ᠤ ᠬᠢᠨᠢ ᠰᠢᠷᠭᠠᠭᠤ ᠬᠠᠳᠠᠭᠤᠵᠢᠯᠥᠲᠤ ᠰᠤᠷᠤᠯᠴᠠᠯᠭ᠎ᠠ᠂ ᠴᠢᠷᠮᠠᠢᠯᠭ᠎ᠠ ᠤᠷᠤᠯᠳᠤᠯᠭ᠎ᠠ ᠪᠠᠷ ᠢᠶᠠᠨ ᠠᠮᠵᠢᠯᠲᠠ ᠭᠢᠯᠠᠯᠵᠠᠭᠤᠯᠤᠭᠰᠠᠨ ᠵᠠᠯᠠᠭᠤ ᠨᠠᠰᠤ᠂ ᠰᠡᠳᠬᠢᠯ ᠦᠨ ᠲᠠᠮᠢᠷ ᠢᠶᠠᠷ ᠢᠶᠠᠨ ᠪᠡᠷᠬᠡᠰᠢᠶᠡᠯ ᠲᠤᠭᠤᠯᠤᠭᠰᠠᠨ ᠢᠳᠡᠷ ᠨᠠᠰᠤ ᠬᠢᠭᠡ ᠦᠢᠯᠡᠰ ᠦᠨ ᠠᠶᠠᠨ ᠢᠶᠠᠨ ᠳᠠᠬᠢᠨ ᠡᠯᠭᠦᠵᠦ᠂ ᠠᠵᠢᠯ ᠢᠶᠠᠨ ᠦᠷᠭᠦᠯᠵᠢᠯᠡᠭᠦᠯᠦᠭᠰᠡᠨ ᠦᠳᠡᠯᠦᠭᠡ ᠨᠠᠰᠤᠨ ᠤ ᠦᠢᠯᠡ ᠠᠵᠢᠯᠯᠠᠭ᠎ᠠ᠂ ᠦᠵᠡᠯ ᠪᠤᠳᠤᠯ ᠢ ᠨᠢ ᠲᠤᠳᠤᠷᠠᠭᠤᠯᠬᠤ ᠶᠢ ᠬᠢᠴᠢᠶᠡᠪᠡ᠃ |
Original Literature |
View Original Paper
|
出自 |
蒙古学研究
2015年
第1期
|