Paper Information


Title ᠨᠡᠭᠦᠳᠡᠯ ᠮᠠᠯᠵᠢᠯ ᠤᠨ ᠠᠵᠤ ᠠᠬᠤᠢ ᠶᠢ ᠦᠷᠭᠦᠯᠵᠢ ᠶᠢᠨ ᠴᠢᠨᠠᠷ ᠲᠠᠢ ᠬᠦᠭ᠍ᠵᠢᠭᠦᠯᠬᠦ ᠠᠷᠭ᠎ᠠ ᠵᠠᠮ ᠤᠨ ᠲᠤᠬᠠᠢ
Creator ᠸᠠᠩ ᠹᠦ᠋ ᠴᠢᠶᠠᠩ
Keyword ᠨᠡᠭᠦᠳᠡᠯ ᠮᠠᠯᠵᠢᠯ ᠤᠨ ᠠᠵᠤ ᠠᠬᠤᠢ; ᠦᠷᠭᠦᠯᠵᠢ ᠶᠢᠨ ᠴᠢᠨᠠᠷ ᠲᠠᠢ ᠬᠦᠭ᠍ᠵᠢᠭᠦᠯᠬᠦ; ᠠᠷᠭ᠎ᠠ ᠵᠠᠮ
Abstract ᠦᠪᠦᠷ ᠮᠤᠩᠭ᠋ᠤᠯ ᠤᠨ ᠮᠠᠯᠵᠢᠬᠤ ᠤᠷᠤᠨ ᠤ ᠬᠦᠭ᠍ᠵᠢᠯᠳᠡ ᠶᠢᠨ ᠶᠠᠪᠤᠴᠠ ᠳᠤ ᠮᠠᠯ ᠠᠵᠤ ᠠᠬᠤᠢ ᠨᠢ ᠲᠤᠩ ᠴᠢᠬᠤᠯᠠ ᠰᠠᠭᠤᠷᠢ ᠪᠤᠯᠤᠭᠰᠠᠭᠠᠷ ᠢᠷᠡᠭᠰᠡᠨ ᠶᠤᠮ᠃ ᠡᠭᠦᠨ ᠳᠤ ᠤᠷᠳᠤ ᠬᠤᠭᠤᠴᠠᠭᠠᠨ ᠤ ᠲᠤᠷᠰᠢᠬᠢ ᠪᠠᠢ᠌ᠭᠠᠯᠢ ᠶᠢᠨ ᠰᠢᠯᠳᠠᠭᠠᠨ ᠪᠤᠯᠤᠨ ᠵᠤᠬᠢᠰ ᠦᠭᠡᠢ ᠡᠵᠡᠩᠨᠡᠯᠳᠡ ᠶᠢᠨ ᠨᠦᠯᠦᠭᠡ ᠡᠴᠡ ᠪᠤᠯᠵᠤ᠂ ᠪᠡᠯᠴᠢᠭᠡᠷ ᠤᠨ ᠲᠠᠯᠠᠪᠠᠢ ᠪᠠᠭᠠᠰᠤᠨ᠂ ᠲᠠᠴᠢᠷᠳᠠᠨ ᠮᠠᠭᠤᠳᠠᠯᠵᠤ᠂ ᠪᠠᠢ᠌ᠭᠠᠯᠢ ᠶᠢᠨ ᠭᠠᠮᠰᠢᠭ ᠨᠢ ᠨᠡᠭᠦᠳᠡᠯ ᠮᠠᠯᠵᠢᠯ ᠤᠨ ᠠᠵᠤ ᠠᠬᠤᠢ ᠶᠢᠨ ᠲᠦᠷᠭᠡᠨ ᠪᠦᠭᠡᠳ ᠡᠷᠡᠭᠦᠯ ᠴᠢᠬᠢᠷᠠᠭ ᠬᠦᠭ᠍ᠵᠢᠯᠳᠡ ᠶᠢ ᠰᠢᠭᠤᠳ ᠨᠦᠯᠦᠭᠡᠯᠡᠭᠰᠡᠨ ᠪᠠᠢ᠌ᠨ᠎ᠠ᠃ ᠡᠢ᠌ᠮᠤ ᠡᠴᠡ ᠬᠡᠷᠭᠢᠨ ᠨᠤᠳᠤᠭ ᠪᠡᠯᠴᠢᠭᠡᠷ ᠤᠨ ᠡᠬᠢ ᠪᠠᠶᠠᠯᠢᠭ ᠢ ᠰᠡᠷᠭᠦᠭᠡᠬᠦ ᠪᠠ ᠬᠠᠮᠠᠭᠠᠯᠠᠨ᠂ ᠨᠤᠳᠤᠭ ᠪᠡᠯᠴᠢᠭᠡᠷ ᠤᠨ ᠲᠠᠴᠢᠷᠳᠠᠯ ᠤᠨ ᠠᠰᠠᠭᠤᠳᠠᠯ ᠢ ᠰᠢᠢᠳᠪᠦᠷᠢᠯᠡᠵᠦ᠂ ᠬᠡᠷᠬᠢᠨ ᠠᠵᠤ ᠠᠬᠤᠢ᠂ ᠨᠡᠢ᠌ᠭᠡᠮ ᠬᠢᠭᠡᠳ ᠬᠦᠮᠦᠨ᠂ ᠪᠠᠢ᠌ᠭᠠᠯᠢ ᠶᠢ ᠡᠶ᠎ᠡ ᠵᠤᠬᠢᠴᠠᠩᠭ᠋ᠤᠢ ᠪᠠᠢ᠌ᠯᠭᠠᠵᠤ᠂ ᠡᠭᠦᠨ ᠶᠢᠡᠷ ᠲᠠᠮᠵᠢᠭᠤᠯᠤᠨ ᠦᠪᠦᠷ ᠮᠤᠩᠭ᠋ᠤᠯ ᠤᠨ ᠰᠠᠭᠤᠷᠢ ᠵᠠᠤ ᠦᠢᠯᠡᠰ ᠪᠤᠯᠤᠨ ᠲᠠᠪᠠᠭᠤᠯᠢᠭ ᠠᠵᠤ ᠦᠢᠯᠡᠰ ᠪᠤᠯᠬᠤ ᠪᠡᠯᠴᠢᠭᠡᠷ ᠤᠨ ᠮᠠᠯ ᠠᠵᠤ ᠠᠬᠤᠢ ᠶᠢ ᠦᠷᠭᠦᠯᠵᠢ ᠶᠢᠨ ᠴᠢᠨᠠᠷ ᠲᠠᠢ ᠬᠦᠭ᠍ᠵᠢᠭᠦᠯᠬᠦ ᠨᠢ ᠤᠳᠤᠬᠠᠨ ᠤ ᠰᠢᠢᠳᠪᠦᠷᠢᠯᠡᠭᠦᠰᠢᠳᠡᠢ ᠴᠢᠬᠤᠯᠠ ᠠᠰᠠᠭᠤᠳᠠᠯ ᠪᠤᠯᠤᠨ᠎ᠠ᠃
Original Literature View Original Paper
出自 中国蒙古学 2015年 第6期

联系我们


内蒙古大学图书馆
呼和浩特市大学西路235号
中国·内蒙古
P: (0471) 4992561
E: huangfeilong@imu.edu.cn