Paper Information


Title ᠵᠠᠰᠠᠭ ᠵᠠᠬᠢᠷᠭᠠᠨ ᠤ ᠡᠷᠬᠡ ᠳᠦ ᠶᠠᠪᠤᠭᠤᠯᠬᠤ ᠶᠠᠷᠢᠶ᠎ᠠ ᠬᠡᠯᠡᠯᠴᠡᠭᠡᠨ ᠦ ᠬᠢᠨᠠᠯᠲᠠ ᠶᠢ ᠲᠡᠭᠦᠯᠳᠡᠷᠵᠢᠭᠦᠯᠪᠡᠯ ᠵᠤᠬᠢᠨ᠎ᠠ
Creator ᠤᠶᠤᠨᠪᠠᠲᠤ
Keyword ᠵᠠᠰᠠᠭ ᠵᠠᠬᠢᠷᠭᠠᠨ ᠤ ᠡᠷᠬᠡ; ᠶᠠᠷᠢᠶ᠎ᠠ ᠬᠡᠯᠡᠯᠴᠡᠭᠡᠨ ᠦ ᠬᠢᠨᠠᠯᠲᠠ; ᠵᠠᠰᠠᠭ ᠤᠨ ᠶᠠᠪᠤᠳᠠᠯ ᠢ ᠢᠯᠡ ᠪᠤᠯᠭᠠᠬᠤ; ᠲᠡᠭᠦᠯᠳᠡᠷᠵᠢᠭᠦᠯᠬᠦ
Abstract ᠡᠷᠬᠡ ᠶᠢ ᠬᠢᠵᠠᠭᠠᠷᠯᠠᠬᠤ ᠪᠠ ᠡᠷᠬᠡ ᠳᠦ ᠪᠦᠲᠦᠮᠵᠢᠲᠡᠢ ᠬᠢᠨᠠᠯᠲᠠ ᠲᠠᠯᠪᠢᠬᠤ ᠶᠢᠨ ᠭᠤᠤᠯᠳᠠᠯᠭ᠎ᠠ ᠨᠢ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠦ ᠬᠦᠴᠦᠲᠡᠢ ᠬᠢᠨᠠᠯᠲᠠ ᠲᠠᠯᠪᠢᠬᠤ ᠳᠤ ᠪᠠᠢ᠌ᠬᠤ ᠶᠤᠮ᠃ ᠶᠠᠷᠢᠶ᠎ᠠ ᠬᠡᠯᠡᠯᠴᠡᠭᠡᠨ ᠦ ᠬᠢᠨᠠᠯᠲᠠ ᠨᠢ ᠣᠯᠠᠨ ᠨᠡᠢ᠌ᠲᠡ ᠡᠴᠡ ᠵᠠᠰᠠᠭ ᠵᠠᠬᠢᠷᠭᠠᠨ ᠤ ᠡᠷᠬᠡ ᠳᠦ ᠬᠢᠨᠠᠯᠲᠠ ᠲᠠᠯᠪᠢᠬᠤ ᠨᠢᠭᠡ ᠵᠤᠢ᠌ᠯ ᠤᠨ ᠴᠢᠬᠤᠯᠠ ᠠᠷᠭ᠎ᠠ ᠪᠠᠷᠢᠯ ᠪᠤᠯᠤᠭᠰᠠᠨ ᠤ ᠬᠤᠪᠢ ᠳᠤ ᠲᠡᠷᠡ ᠨᠢ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠳᠤ ᠬᠦᠴᠦᠲᠡᠢ ᠦᠢᠯᠡᠳᠦᠯ ᠦᠵᠡᠭᠦᠯᠵᠦ ᠪᠠᠢ᠌ᠳᠠᠭ᠃ ᠮᠠᠨ ᠤ ᠤᠯᠤᠰ ᠵᠢᠴᠢ ᠪᠤᠰᠤᠳ ᠤᠯᠤᠰ ᠤᠨ ᠦᠢᠯᠡᠳᠦᠯᠭᠡ ᠡᠴᠡ ᠦᠵᠡᠪᠡᠯ᠄ ᠵᠠᠰᠠᠭ ᠤᠨ ᠶᠠᠪᠤᠳᠠᠯ ᠢ ᠢᠯᠡ ᠪᠤᠯᠭᠠᠬᠤ ᠳᠤ ᠶᠠᠪᠤᠭᠤᠯᠬᠤ ᠶᠠᠷᠢᠶ᠎ᠠ ᠬᠡᠯᠡᠯᠭᠡᠨ ᠦ ᠬᠢᠨᠠᠯᠲᠠ ᠪᠠᠨ ᠴᠢᠩ᠋ᠭᠠᠳᠬᠠᠬᠤ ᠶᠢᠨ ᠬᠠᠮᠲᠤ ᠶᠠᠷᠢᠶ᠎ᠠ ᠬᠡᠯᠡᠯᠴᠡᠭᠡᠨ ᠦ ᠬᠢᠨᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠪᠠ ᠬᠡᠷᠡᠭᠵᠢᠭᠦᠯᠬᠦ ᠶᠠᠪᠤᠴᠠ ᠳᠤᠮᠳᠠ ᠦᠵᠡᠭᠦᠯᠵᠦ ᠪᠠᠢ᠌ᠬᠤ ᠦᠢᠯᠡᠳᠦᠯ ᠢ ᠭᠦᠢᠴᠡᠳ ᠪᠠᠳᠠᠷᠠᠭᠤᠯᠬᠤ ᠪᠤᠯ ᠵᠠᠰᠭ ᠵᠠᠬᠢᠷᠭᠠᠨ ᠤ ᠡᠷᠬᠡ ᠳᠦ ᠶᠠᠪᠤᠭᠤᠯᠬᠤ ᠶᠠᠷᠢᠶ᠎ᠠ ᠬᠡᠯᠡᠯᠴᠡᠭᠡᠨ ᠦ ᠬᠢᠨᠠᠯᠲᠠ ᠶᠢ ᠲᠡᠭᠦᠯᠳᠡᠷᠵᠢᠭᠦᠯᠬᠦ ᠴᠢᠬᠤᠯᠠ ᠠᠷᠭ᠎ᠠ ᠵᠠᠮ ᠮᠦᠨ᠃
Original Literature View Original Paper
出自 蒙古学研究 2011年 第3期

联系我们


内蒙古大学图书馆
呼和浩特市大学西路235号
中国·内蒙古
P: (0471) 4992561
E: huangfeilong@imu.edu.cn