Title |
ᠲᠠᠪᠤᠳᠤᠭᠠᠷ ᠲᠦᠷᠢ ᠶᠢᠨ ᠲᠠᠯᠠᠢ ᠯᠠᠮᠠ ᠶᠢᠨ ᠮᠣᠩᠭᠤᠯ ᠣᠷᠤᠨ ᠳ᠋ᠤ ᠰᠢᠷ ᠠ ᠶᠢᠨ ᠱᠠᠰᠢᠨ ᠲᠡᠯᠭᠡᠷᠡᠬᠦ ᠳ᠋ᠤ ᠦᠵᠡᠭᠦᠯᠦᠭᠰᠡᠨ ᠦᠢᠯᠡᠳᠦᠯ |
Creator |
ᠭᠸᠨ ᠴᠢᠤᠸᠠᠨ |
Keyword |
ᠲᠠᠪᠤᠳᠤᠭᠠᠷ ᠲᠦᠷᠢ ᠶᠢᠨ ᠲᠠᠯᠠᠢ ᠯᠠᠮᠠ; ᠮᠣᠩᠭᠤᠯ ᠣᠷᠤᠨ; ᠰᠢᠷ ᠠ ᠶᠢᠨ ᠱᠠᠰᠢᠨ |
Abstract |
16ᠳ᠋ᠤᠭᠠᠷ ᠵᠠᠭᠤᠨ ᠤ ᠲᠤᠮᠳᠠᠴᠢ ᠰᠡᠭᠦᠯᠴᠢ ᠦᠶ ᠡ ᠪᠡᠷ ᠮᠣᠩᠭᠤᠯ ᠣᠷᠤᠨ ᠳ᠋ᠤ ᠲᠡᠬᠢᠨ ᠲᠡᠯᠭᠡᠷᠡᠭᠰᠡᠨ ᠲᠦᠪᠡᠳ ᠤᠨ ᠪᠣᠷᠬᠠᠨ ᠱᠠᠰᠢᠨ ᠨᠢ 1578 ᠣᠨ ᠳ᠋ᠤ ᠲᠦᠮᠡᠳ ᠤᠨ ᠠᠯᠲᠠᠨ ᠬᠠᠭᠠᠨ ᠪᠠ ᠭᠤᠷᠪᠠᠳᠤᠭᠠᠷ ᠲᠦᠷᠢ ᠶᠢᠨ ᠲᠠᠯᠠᠢ ᠯᠠᠮᠠ ᠶᠢᠨ ᠴᠠᠪᠴᠢᠶᠠᠯ ᠰᠦᠮ ᠡ ᠳ᠋ᠤ ᠠᠭᠤᠯᠵᠠᠯᠲᠠ ᠬᠢᠵᠦ᠂ ᠮᠣᠩᠭᠤᠯ ᠲᠦᠪᠡᠳ ᠤᠨ ᠲᠦᠷᠦ ᠱᠠᠰᠢᠨ ᠤ ᠬᠤᠶᠠᠷ ᠶᠣᠰᠤᠨ ᠢ ᠲᠤᠭᠲᠠᠭᠠᠵᠤ᠂ ᠰᠢᠷ ᠡ ᠶᠢᠨ ᠱᠠᠰᠢᠨ ᠮᠣᠩᠭᠤᠯ ᠣᠷᠤᠨ ᠳ᠋ᠤ ᠲᠡᠯᠭᠡᠷᠡᠬᠦ ᠶᠢᠨ ᠪᠠᠲᠤ ᠪᠡᠬᠢ ᠰᠠᠭᠤᠷᠢ ᠵᠢ ᠲᠠᠯᠪᠢᠪᠠ᠃ ᠬᠤᠵᠢᠮ ᠨᠢ ᠴᠢᠩ ᠤᠯᠤᠰ ᠤᠨ ᠡᠬᠢᠨ ᠲᠤᠮᠳᠠᠴᠢ ᠦᠶ ᠡ ᠡᠴᠡ ᠡᠬᠢᠯᠠᠨ ᠪᠦᠬᠦ ᠮᠣᠩᠭᠤᠯ ᠣᠷᠤᠨ ᠳ᠋ᠤ ᠰᠢᠷ ᠡ ᠶᠢᠨ ᠱᠠᠰᠢᠨ ᠶᠡᠬᠡᠪᠡᠷ ᠲᠡᠯᠭᠡᠷᠡᠭᠰᠡᠨ ᠶᠣᠮ᠃ ᠡᠨᠡ ᠦᠶ ᠡ ᠳ᠋ᠤ ᠮᠣᠩᠭᠤᠯ ᠲᠦᠪᠡᠳ ᠬᠤᠶᠠᠷ ᠦᠨᠳᠦᠰᠦᠲᠡᠨ ᠤ ᠬᠠᠷᠢᠴᠠᠭᠠᠨ ᠳ᠋ᠤ ᠬᠤᠱᠤᠳ ᠤᠨ ᠬᠦᠦᠰᠢ ᠬᠠᠨ ᠪᠠ ᠲᠦᠪᠡᠳ ᠤᠨ ᠪᠣᠷᠬᠠᠨ ᠱᠠᠰᠢᠨ ᠤ ᠭᠡᠯᠦ᠋ᠩᠪᠡ ᠪᠦᠯᠦᠭᠲᠡᠨ ᠤ ᠲᠦᠷᠦᠬᠦᠦ ᠪᠣᠯᠬᠤ ᠲᠠᠪᠤᠳᠤᠭᠠᠷ ᠲᠦᠷᠢ ᠶᠢᠨ ᠲᠠᠯᠠᠢ ᠯᠠᠮᠠ ᠯᠣᠪᠰᠠᠩᠵᠠᠮᠰᠤ ᠵᠢ ᠲᠤᠷᠠᠳᠬᠤ ᠴᠢᠬᠤᠯᠠ ᠲᠠᠢ᠃ ᠲᠤᠰ ᠲᠡᠦᠭᠡᠨ ᠬᠤᠭᠤᠴᠠᠭᠠᠨ ᠳ᠋ᠤ ᠮᠣᠩᠭᠤᠯ ᠣᠷᠤᠨ ᠳ᠋ᠤ ᠰᠢᠷ ᠡ ᠶᠢᠨ ᠱᠠᠰᠢᠨ ᠶᠡᠬᠡᠪᠡᠷ ᠤᠯᠠᠮᠵᠢᠯᠠᠨ ᠲᠡᠯᠭᠡᠷᠡᠬᠦ ᠳ᠋ᠤ ᠲᠠᠪᠤᠳᠤᠭᠠᠷ ᠲᠦᠷᠢ ᠶᠢᠨ ᠲᠠᠯᠠᠢ ᠯᠠᠮᠠ ᠴᠢᠬᠤᠯᠠ ᠬᠤᠪᠢ ᠨᠡᠮᠡᠷᠢ ᠦᠵᠡᠭᠦᠯᠵᠡᠢ᠃ |
Original Literature |
View Original Paper
|
出自 |
内蒙古师范大学学报
2015年
第3期
|