Title |
ᠬᠠᠪᠤᠲᠤ ᠬᠠᠰᠠᠷ ᠤᠨ ᠳᠤᠮᠤᠭ ᠶᠠᠷᠢᠶ᠎ᠠ ᠤᠷᠠᠳ ᠤᠨ ᠭᠠᠵᠠᠷ ᠤᠨ ᠨᠡᠷ᠎ᠡ ᠲᠡᠢ ᠬᠤᠯᠪᠤᠭᠳᠠᠬᠤ ᠤᠴᠢᠷ |
Creator |
ᠬᠦᠷᠡᠯᠱᠠ |
Keyword |
ᠬᠠᠪᠤᠲᠤ ᠬᠠᠰᠠᠷ ᠤᠨ ᠳᠤᠮᠤᠭ ᠶᠠᠷᠢᠶ᠎ᠠ; ᠳᠤᠮᠤᠭ ᠵᠦᠢ; ᠲᠠᠷᠬᠠᠯᠲᠠ ᠬᠤᠪᠢᠰᠤᠯ |
Abstract |
20 ᠳᠤᠭᠠᠷ ᠵᠠᠭᠤᠨ ᠤ 80 ᠭᠠᠳ ᠣᠨ ᠤ ᠳᠤᠮᠳᠠᠴᠢ ᠪᠠᠷ ᠡᠮᠬᠢᠳᠭᠡᠨ ᠲᠡᠮᠳᠡᠭᠯᠡᠭᠰᠡᠨ ᠳᠤᠮᠤᠭ ᠶᠠᠷᠢᠶ᠎ᠠ ᠶᠢᠨ ᠬᠤᠪᠢᠯᠪᠤᠷᠢ ᠲᠧᠺᠰᠲ ᠲᠤ ᠬᠠᠪᠤᠲᠤ ᠬᠠᠰᠠᠷ ᠤᠨ ᠬᠠᠷᠢᠶᠠᠯᠴᠢ ᠬᠠᠷ᠎ᠠ ᠡᠮᠡᠭᠡᠨ ᠢ ᠳᠠᠷᠤᠭᠰᠠᠨ ᠳᠤᠮᠤᠭ ᠢ ᠠᠰᠢᠭᠯᠠᠵᠤ᠂ ᠨᠤᠲᠤᠭ ᠤᠰᠤᠨ ᠤ ᠨᠡᠷ᠎ᠡ ᠶᠢᠨ ᠢᠷᠡᠯᠲᠡ ᠶᠢ ᠲᠠᠢᠯᠪᠤᠷᠢᠯᠠᠭᠰᠠᠨ ᠰᠢᠨ᠎ᠡ ᠠᠭᠤᠯᠭ᠎ᠠ ᠨᠡᠮᠡᠭᠳᠡᠭᠰᠡᠨ ᠪᠠᠢᠨ᠎ᠠ᠃ ᠬᠠᠪᠤᠲᠤ ᠬᠠᠰᠠᠷ ᠤᠨ ᠳᠤᠮᠤᠭ ᠶᠠᠷᠢᠶ᠎ᠠ ᠶᠢ 《ᠡᠷᠡᠬᠡᠢ ᠮᠡᠷᠭᠡᠨ》 ᠦ ᠳᠤᠮᠤᠭ ᠦᠯᠢᠭᠡᠷ ᠦᠨ ᠳᠤᠮᠤᠭ ᠵᠦᠢ ᠶᠢᠨ ᠤᠯᠠᠮᠵᠢᠯᠠᠯ ᠢᠶᠠᠷ ᠵᠤᠬᠢᠶᠠᠭᠳᠠᠭᠰᠠᠨ ᠰᠤᠶᠤᠯ ᠤᠨ ᠪᠠᠭᠠᠲᠤᠷ ᠤᠨ ᠰᠢᠨᠵᠢ ᠲᠡᠢ ᠳᠤᠮᠤᠭ ᠶᠠᠷᠢᠶ᠎ᠠ ᠭᠡᠵᠦ ᠪᠤᠯᠤᠨ᠎ᠠ᠃ ᠬᠠᠪᠤᠲᠤ ᠬᠠᠰᠠᠷ ᠤᠨ ᠳᠤᠮᠤᠭ ᠶᠠᠷᠢᠶ᠎ᠠ ᠪᠤᠯ ᠡᠷᠡᠬᠡᠢ ᠮᠡᠷᠭᠡᠨ ᠦ ᠳᠤᠮᠤᠭ ᠦᠯᠢᠭᠡᠷ ᠦᠨ ᠰᠤᠶᠤᠯ ᠤᠨ ᠳᠤᠮᠤᠭ ᠵᠦᠢ ᠶᠢᠨ ᠤᠯᠠᠮᠵᠢᠯᠠᠯ ᠢᠶᠠᠷ ᠵᠤᠬᠢᠶᠠᠭᠳᠠᠭᠰᠠᠨ ᠠᠬᠤᠢᠴᠢᠯᠠᠭᠰᠠᠨ᠂ ᠲᠡᠦᠬᠡᠴᠢᠯᠡᠭᠰᠡᠨ ᠦᠶ᠎ᠡ ᠶᠢᠨ ᠪᠦᠲᠦᠭᠡᠯ ᠶᠤᠮ᠃ ᠬᠠᠪᠤᠲᠤ ᠬᠠᠰᠠᠷ ᠤᠨ ᠳᠤᠮᠤᠭ ᠶᠠᠷᠢᠶ᠎ᠠ ᠡᠷᠲᠡᠨ ᠦ ᠮᠣᠩᠭᠤᠯᠴᠤᠳ ᠤᠨ ᠳᠤᠮᠤᠭ ᠵᠦᠢ ᠶᠢᠨ ᠤᠯᠠᠮᠵᠢᠯᠠᠯ ᠢᠶᠠᠷ ᠵᠤᠬᠢᠶᠠᠭᠳᠠᠵᠤ᠂ ᠰᠤᠶᠤᠯ ᠤᠨ ᠪᠠᠭᠠᠲᠤᠷ ᠤᠨ ᠳᠤᠮᠤᠭ ᠠᠴᠠ ᠲᠡᠦᠬᠡᠲᠦ ᠬᠦᠮᠦᠨ ᠦ ᠳᠤᠮᠤᠭ ᠶᠠᠷᠢᠶ᠎ᠠ ᠪᠤᠯᠵᠤ᠂ ᠳᠠᠬᠢᠨ ᠭᠠᠵᠠᠷ ᠤᠨ ᠨᠡᠷ᠎ᠡ ᠶᠢᠨ ᠳᠤᠮᠤᠭ ᠶᠠᠷᠢᠶ᠎ᠠ ᠪᠤᠯᠵᠤ ᠦᠷᠭᠡᠵᠢᠨ ᠲᠠᠷᠬᠠᠵᠤ ᠤᠯᠠᠮᠵᠢᠯᠠᠭᠳᠠᠭᠰᠠᠨ ᠨᠢ ᠤᠷᠠᠳᠴᠤᠳ ᠤᠨ ᠤᠷᠠᠨ ᠰᠠᠨᠠᠭ᠎ᠠ᠂ ᠰᠤᠶᠤᠯ ᠤᠨ ᠡᠭᠦᠳᠦᠯᠲᠡ᠂ ᠬᠠᠢᠷ᠎ᠠ ᠰᠡᠳᠬᠢᠯᠭᠡ ᠶᠢᠨ ᠦᠨᠳᠦᠰᠦ ᠤᠴᠢᠷ ᠲᠠᠢ ᠶᠤᠮ᠃ |
Original Literature |
No Original Paper
|
出自 |
蒙古学研究
2015年
第4期
|