Paper Information


Title 《ᠪᠠᠶᠠᠨᠬᠤᠸᠠ》ᠭᠡᠬᠦ ᠭᠠᠵᠠᠷ ᠤᠨ ᠨᠡᠷ᠎ᠡ ᠶᠢᠨ ᠢᠷᠡᠯᠳᠡ ᠶᠢ ᠰᠢᠨᠵᠢᠯᠡᠬᠦ ᠨᠢ — ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠲᠦᠷᠦᠯᠵᠢ ᠪᠠᠯᠭᠠᠰᠤᠨ ᠤ ᠪᠠᠶᠠᠨᠬᠤᠸᠠ ᠠᠢ᠌ᠯ ᠤᠨ ᠵᠢᠱᠢᠶᠡᠨ ᠲᠡᠭᠡᠷ᠎ᠡ
Creator ᠤᠶᠤᠨᠳᠠᠯᠠᠢ
Keyword 《ᠪᠠᠶᠠᠨᠬᠤᠸᠠ》; ᠭᠠᠵᠠᠷ ᠤᠨ ᠨᠡᠷ᠎ᠡ; ᠢᠷᠡᠯ ᠭᠠᠷᠤᠯ
Abstract ᠭᠠᠵᠠᠷ ᠤᠨ ᠨᠡᠷ᠎ᠡ ᠪᠤᠯ ᠤᠷᠤᠨ ᠨᠤᠳᠤᠭ ᠤᠨ ᠬᠠᠮᠤᠭ ᠲᠤᠳᠤᠷᠬᠠᠢ ᠭᠡᠯᠡ ᠰᠤᠶᠤᠯ ᠤᠨ ᠪᠡᠯᠭᠡ ᠲᠡᠮᠳᠡᠭ ᠮᠦᠨ᠃ ᠭᠡᠳᠡᠯ᠎ᠡ ᠲᠡᠦᠬᠡ ᠰᠤᠶᠤᠯ ᠤᠨ ᠬᠤᠪᠢᠷᠠᠯᠳᠠ ᠡᠴᠡ ᠭᠠᠵᠠᠷ ᠤᠨ ᠨᠡᠷ᠎ᠡ ᠶᠢᠨ ᠤᠳᠬ᠎ᠠ ᠤᠴᠢᠷ ᠤᠢ᠌ᠯᠠᠭᠠᠭᠳᠠᠬᠤ ᠦᠭᠡᠢ ᠪᠤᠯᠵᠤ ᠢᠷᠡᠯ ᠭᠠᠷᠤᠯ ᠨᠢ ᠪᠠᠯᠠᠷᠬᠠᠢ᠌ᠰᠢᠬᠤ ᠠᠰᠠᠭᠤᠳᠠᠯ ᠡᠳᠦᠷ ᠢᠷᠡᠬᠦᠶ᠎ᠡ ᠬᠦᠨᠳᠦ ᠨᠤᠴᠢᠳᠠᠢ ᠪᠤᠯᠵᠤ ᠪᠠᠢ᠌ᠨ᠎ᠠ᠃ ᠡᠢ᠌ᠮᠦ ᠡᠴᠡ ᠭᠠᠵᠠᠷ ᠤᠨ ᠨᠡᠷ᠎ᠡ ᠶᠢ ᠰᠤᠳᠤᠯᠤᠨ ᠲᠤᠳᠤᠷᠬᠠᠢ᠌ᠯᠠᠬᠤ ᠨᠢ ᠤᠷᠤᠨ ᠨᠤᠳᠤᠭ ᠤᠨ ᠰᠤᠶᠤᠯ ᠰᠤᠳᠤᠯᠤᠯ ᠤᠨ ᠲᠤᠳᠠᠭᠳᠠᠵᠤ ᠪᠤᠯᠤᠰᠢ ᠦᠭᠡᠢ ᠡᠯᠸᠮᠸᠨ᠋ᠲ᠋ ᠪᠤᠯᠤᠨ᠎ᠠ᠃ ᠲᠤᠰ ᠦᠭᠦᠯᠡᠯ ᠳᠤ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠲᠦᠷᠦᠯᠵᠢ ᠪᠠᠯᠭᠠᠰᠤᠨ ᠤ《ᠪᠠᠶᠠᠨᠬᠤᠸᠠ》ᠭᠡᠳᠡᠭ ᠭᠠᠵᠠᠷ ᠤᠨ ᠨᠡᠷ᠎ᠡ ᠶᠢᠨ ᠢᠷᠡᠯᠳᠡ ᠶᠢ ᠬᠠᠮᠢᠶ᠎ᠠ ᠪᠦᠬᠦᠢ ᠭᠠᠵᠠᠷ ᠤᠨ ᠨᠡᠷᠡᠰ ᠤᠨ ᠲᠡᠮᠳᠡᠭᠯᠡᠯ ᠪᠠ ᠭᠡᠭᠡᠷ᠎ᠡ ᠶᠢᠨ ᠪᠠᠢ᠌ᠴᠠᠭᠠᠯᠳᠠ ᠶᠢᠨ ᠮᠠᠲ᠋ᠸᠷᠢᠶᠠᠯ ᠢ ᠠᠰᠢᠭᠯᠠᠨ ᠵᠠᠳᠠᠯᠤᠨ ᠰᠢᠨᠵᠢᠯᠡᠵᠦ᠂《ᠪᠠᠶᠠᠨᠬᠤᠸᠠ》 ᠭᠡᠬᠦ ᠭᠠᠵᠠᠷ ᠤᠨ ᠨᠡᠷ᠎ᠡ ᠶᠢᠨ ᠢᠷᠡᠯ ᠭᠠᠷᠤᠯ ᠢ ᠲᠤᠳᠤᠯᠠᠨ ᠲᠠᠢ᠌ᠯᠪᠤᠷᠢᠯᠠᠬᠤ ᠶᠢ ᠬᠢᠴᠢᠶᠡᠵᠡᠢ᠃
Original Literature View Original Paper
出自 内蒙古民族大学学报(社会科学) 2015年 第2期

联系我们


内蒙古大学图书馆
呼和浩特市大学西路235号
中国·内蒙古
P: (0471) 4992561
E: huangfeilong@imu.edu.cn