Paper Information


Title ᠮᠤᠩᠭ᠋ᠤᠯ ᠠᠷᠠᠳ ᠤᠨ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠦᠨᠳᠦᠰᠦᠨ ᠦᠵᠡᠯᠳᠡ
Creator ᠬᠠᠰᠭᠡᠷᠡᠯ
Keyword ᠮᠤᠩᠭ᠋ᠤᠯ ᠠᠷᠠᠳ; ᠬᠡᠦᠬᠡᠳ ᠬᠦᠮᠦᠵᠢᠯᠭᠦᠯᠬᠦ; ᠦᠨᠳᠦᠰᠦᠨ ᠦᠵᠡᠯᠳᠡ
Abstract ᠮᠤᠩᠭ᠋ᠤᠯᠴᠤᠳ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠶᠢ ᠭᠡᠷ ᠪᠦᠯᠢ ᠶᠢᠨ ᠬᠦᠮᠦᠵᠢᠯ ᠤᠨ ᠪᠤᠳᠠᠳᠤ ᠠᠭᠤᠯᠭ᠎ᠠ ᠶᠢᠨ ᠨᠢᠭᠡ ᠪᠡᠷ ᠦᠵᠡᠳᠡᠭ ᠨᠢ ᠬᠡᠦᠬᠡᠳ ᠢ ᠬᠦᠮᠦᠵᠢᠭᠦᠯᠵᠦ ᠰᠤᠷᠭᠠᠬᠤ ᠶᠢᠨ ᠴᠢᠬᠤᠯᠠ ᠴᠢᠨᠠᠷ᠂ ᠠᠴᠢ ᠬᠤᠯᠪᠤᠭᠳᠠᠯ ᠢ ᠪᠦᠷᠢᠨ ᠭᠦᠢᠴᠡᠳ ᠲᠠᠨᠢᠵᠤ ᠤᠢ᠌ᠯᠠᠭᠠᠭᠰᠠᠨ ᠤ ᠢᠯᠡᠷᠡᠯ ᠪᠤᠯᠤᠨ᠎ᠠ᠃ ᠡᠢ᠌ᠮᠤ ᠡᠴᠡ ᠮᠤᠩᠭ᠋ᠤᠯ ᠠᠷᠠᠳ ᠤᠨ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠦᠨᠳᠦᠰᠦᠨ ᠦᠵᠡᠯᠳᠡ ᠨᠢ ᠦᠪᠡᠷᠮᠢᠴᠡ ᠤᠨᠴᠠᠯᠢᠭ ᠲᠠᠢ ᠪᠡᠷ ᠡᠭᠦᠰᠦᠨ ᠪᠦᠷᠢᠯᠳᠦᠵᠦ᠂ ᠦᠶ᠎ᠡ ᠲᠠᠮᠵᠢᠨ ᠤᠯᠠᠮᠵᠢᠯᠠᠭᠳᠠᠭᠰᠠᠭᠠᠷ ᠢᠷᠡᠵᠡᠢ᠃ ᠮᠤᠩᠭ᠋ᠤᠯᠴᠤᠳ ᠤᠨ ᠦᠷ᠎ᠡ ᠬᠡᠦᠬᠡᠳ ᠶᠢᠡᠨ ᠬᠦᠮᠦᠵᠢᠭᠦᠯᠵᠦ ᠰᠤᠷᠭᠠᠬᠤ ᠦᠨᠳᠦᠰᠦᠨ ᠦᠵᠡᠯᠳᠡ ᠨᠢ ᠬᠤᠪᠢ ᠬᠦᠮᠦᠨ ᠤ ᠬᠦᠮᠦᠵᠢᠯ ᠪᠤᠯᠪᠠᠰᠤᠷᠠᠯ ᠲᠠᠢ ᠬᠤᠯᠪᠤᠭᠰᠠᠨ ᠤᠢ᠌ᠯᠠᠭᠠᠯᠳᠠ᠂ ᠠᠢ᠌ᠯ ᠡᠷᠦᠬᠡ ᠶᠢᠨ ᠦᠭᠡᠳᠡᠯᠡᠯ ᠲᠡᠭᠵᠢᠷᠡᠯ ᠲᠠᠢ ᠬᠤᠯᠪᠤᠨ ᠦᠵᠡᠭᠰᠡᠨ ᠲᠠᠨᠢᠯᠳᠠ᠂ ᠤᠯᠤᠰ ᠦᠨᠳᠦᠰᠦᠳᠡᠨ ᠤ ᠬᠦᠭ᠍ᠵᠢᠯ ᠮᠠᠨᠳᠤᠯ ᠲᠠᠢ ᠬᠤᠯᠪᠤᠨ ᠦᠵᠡᠭᠰᠡᠨ ᠦᠵᠡᠯᠳᠡ ᠭᠡᠬᠦ ᠲᠠᠯ᠎ᠠ ᠪᠡᠷ ᠢᠯᠡᠷᠡᠵᠦ ᠪᠠᠢ᠌ᠳᠠᠭ᠃
Original Literature View Original Paper
出自 蒙古学研究 2014年 第2期

联系我们


内蒙古大学图书馆
呼和浩特市大学西路235号
中国·内蒙古
P: (0471) 4992561
E: huangfeilong@imu.edu.cn