Title |
ᠭᠤᠷᠪᠠᠨ ᠤᠯᠠᠭᠠᠨ ᠤ ᠲᠠᠩ ᠤᠨ ᠬᠢᠮᠢ ᠶᠢᠨ ᠪᠦᠷᠢᠯᠳᠦᠬᠦᠨ ᠪᠠ ᠡᠮ ᠵᠦᠢ ᠶᠢᠨ ᠦᠢᠯᠡᠳᠦᠯ ᠵᠢᠴᠢ ᠡᠮᠴᠢᠯᠡᠭᠡᠨ ᠳᠤ ᠬᠢ ᠬᠡᠷᠡᠭᠯᠡᠯ ᠤᠨ ᠲᠤᠬᠠᠢ ᠰᠤᠳᠤᠯᠭᠠᠨ ᠤ ᠲᠤᠢ᠌ᠮᠤ |
Creator |
ᠸᠠᠩ ᠴᠢᠤᠸᠠᠨ ᠱᠸᠩ; ᠲᠦᠩ ᠱᠠᠨ |
Keyword |
ᠭᠤᠷᠪᠠᠨ ᠤᠯᠠᠭᠠᠨ ᠤ ᠲᠠᠩ; ᠬᠢᠮᠢ ᠶᠢᠨ ᠰᠤᠳᠤᠯᠭᠠᠨ; ᠡᠮ ᠵᠦᠢ ᠶᠢᠨ ᠵᠠᠳᠠᠯᠤᠯᠳᠠ; ᠡᠮᠴᠢᠯᠡᠭᠡᠨ ᠳᠤ ᠬᠢ ᠬᠡᠷᠡᠭᠯᠡᠯ; ᠬᠤᠷᠢᠶᠠᠩᠭ᠋ᠤᠢ ᠲᠠᠨᠢᠯᠴᠠᠭᠤᠯᠭ᠎ᠠ |
Abstract |
ᠭᠤᠷᠪᠠᠨ ᠤᠯᠠᠭᠠᠨ ᠤ ᠲᠠᠩ ᠤᠨ ᠬᠦᠯ ᠡᠮ ᠪᠦᠷᠢ ᠶᠢᠨ ᠬᠢᠮᠢ ᠶᠢᠨ ᠪᠦᠷᠢᠯᠳᠦᠬᠦᠨ ᠪᠤᠯᠤᠨ ᠡᠮ ᠵᠦᠢ ᠶᠢᠨ ᠦᠢᠯᠡᠳᠦᠯ ᠵᠢᠴᠢ ᠡᠮᠴᠢᠯᠡᠭᠡᠨ ᠳᠤ ᠬᠢ ᠬᠡᠷᠡᠭᠯᠡᠯ ᠤᠨ ᠲᠤᠬᠠᠢ ᠬᠠᠮᠢᠶ᠎ᠠ ᠪᠦᠬᠦᠢ ᠰᠤᠷᠪᠤᠯᠵᠢ ᠪᠢᠴᠢᠭ᠌ ᠢ ᠦᠨᠳᠦᠰᠦᠯᠡᠨ ᠬᠤᠷᠢᠶᠠᠩᠭ᠋ᠤᠢ᠌ᠯᠠᠨ ᠲᠠᠨᠢᠯᠴᠠᠭᠤᠯᠪᠠ᠃ ᠲᠤᠰ ᠡᠮ ᠨᠠᠢ᠌᠌ᠷᠠᠯᠭᠠ ᠶᠢᠨ ᠬᠢᠮᠢ ᠶᠢᠨ ᠰᠤᠳᠤᠯᠭᠠᠨ ᠤ ᠲᠠᠯ᠎ᠠ ᠪᠡᠷ ᠬᠢ ᠦᠷ᠎ᠡ ᠪᠦᠳᠦᠭᠡᠯ ᠭᠦᠢᠴᠡᠳ ᠦᠭᠡᠢ ᠪᠠᠢ᠌ᠵᠤ᠂ ᠡᠮ ᠵᠦᠢ ᠶᠢᠨ ᠦᠢᠯᠡᠳᠦᠯ ᠤᠨ ᠰᠤᠳᠤᠯᠭᠠᠨ ᠰᠠᠶ᠊ᠢ ᠡᠬᠢᠯᠡᠵᠦ ᠪᠠᠢ᠌ᠳᠠᠭ᠃ ᠡᠮ ᠵᠦᠢ ᠶᠢᠨ ᠦᠢᠯᠡᠳᠦᠯ ᠤᠨ ᠲᠠᠯ᠎ᠠ ᠪᠡᠷ᠂ ᠬᠦᠯ ᠡᠮ ᠪᠦᠷᠢ ᠶᠢᠨ ᠡᠮ ᠵᠦᠢ ᠶᠢᠨ ᠦᠢᠯᠡᠳᠦᠯ ᠢ ᠶᠡᠷᠦᠩᠬᠡᠢ᠌ᠯᠡᠪᠡᠯ ᠭᠤᠷᠪᠠᠨ ᠤᠯᠠᠭᠠᠨ ᠤ ᠲᠠᠩ ᠨᠢ ᠴᠢᠰᠤᠨ ᠰᠢᠰᠲ᠋ᠸᠮ᠂ ᠠᠮᠢᠰᠬᠤᠯ ᠤᠨ ᠰᠢᠰᠲ᠋ᠸᠮ᠂ ᠰᠢᠭᠡᠰᠦ ᠰᠦᠭᠦᠷᠡᠭᠦᠯᠬᠦ ᠰᠢᠰᠲ᠋ᠸᠮ ᠳᠤ ᠦᠢᠯᠡᠳᠦᠯ ᠲᠠᠢ᠃ ᠡᠮᠴᠢᠯᠡᠭᠡᠨ ᠤ ᠲᠠᠯ᠎ᠠ ᠪᠡᠷ ᠪᠦᠭᠡᠷᠡᠨ ᠡᠪᠡᠳᠴᠢᠨ ᠳᠤ ᠲᠠᠷᠤᠭᠤᠯᠤᠨ ᠡᠮ ᠶᠢᠡᠷ ᠭᠤᠤᠯ ᠬᠡᠷᠡᠭᠯᠡᠭᠳᠡᠵᠦ ᠪᠠᠢ᠌ᠳᠠᠭ᠃ |
Original Literature |
View Original Paper
|
出自 |
内蒙古民族大学学报(蒙医药学)
2014年
第1期
|