Paper Information


Title ᠦᠨᠳᠦᠰᠦᠲᠡᠨ ᠦ ᠰᠤᠶᠤᠯ ᠤᠨ ᠬᠠᠷᠠᠭᠠᠰᠤ ᠠᠴᠠ ᠮᠣᠩᠭᠤᠯ ᠣᠷᠴᠢᠭᠤᠯᠭ᠎ᠠ ᠶᠢ ᠰᠠᠢᠵᠢᠷᠠᠭᠤᠯᠬᠤ ᠲᠤᠬᠠᠢ
Creator ᠬᠦᠪᠴᠢᠨ
Keyword ᠦᠨᠳᠦᠰᠦᠲᠡᠨ ᠦ ᠰᠤᠶᠤᠯ; ᠮᠣᠩᠭᠤᠯ ᠣᠷᠴᠢᠭᠤᠯᠭ᠎ᠠ
Abstract ᠣᠷᠴᠢᠭᠤᠯᠭ᠎ᠠ ᠶᠢᠨ ᠠᠵᠢᠯ ᠪᠤᠯ ᠰᠢᠨᠵᠢᠯᠡᠬᠦ ᠤᠬᠠᠭᠠᠨ ᠪᠤᠯᠬᠤ ᠮᠦᠷᠲᠡᠭᠡᠨ ᠤᠷᠠᠯᠢᠭ ᠮᠦᠨ᠃ ᠰᠢᠨᠵᠢᠯᠡᠬᠦ ᠤᠬᠠᠭᠠᠨ ᠭᠡᠵᠦ ᠬᠡᠯᠡᠵᠦ ᠪᠠᠢᠭ᠎ᠠ ᠨᠢ ᠲᠡᠭᠦᠨ ᠦ ᠲᠦᠪ ᠴᠢᠩᠭ᠍᠎ᠠ ᠴᠢᠨᠠᠷ ᠢ ᠵᠢᠭᠠᠵᠤ ᠪᠠᠢᠭ᠎ᠠ ᠶᠤᠮ᠃ ᠤᠷᠠᠯᠢᠭ ᠭᠡᠵᠦ ᠬᠡᠯᠡᠵᠦ ᠪᠠᠢᠭ᠎ᠠ ᠨᠢ ᠲᠡᠭᠦᠨ ᠦ ᠣᠯᠠᠨ ᠲᠠᠯᠠᠲᠤ ᠴᠢᠨᠠᠷ ᠪᠠ ᠪᠦᠲᠦᠭᠡᠯᠴᠢ ᠴᠢᠨᠠᠷ ᠢ ᠵᠢᠭᠠᠵᠤ ᠪᠠᠢᠭ᠎ᠠ ᠶᠤᠮ᠃ ᠡᠢᠮᠦ ᠡᠴᠡ ᠣᠷᠴᠢᠭᠤᠯᠭ᠎ᠠ ᠶᠢᠨ ᠠᠵᠢᠯ ᠳᠤ ᠬᠠᠨᠳᠤᠬᠤ ᠳᠠᠭᠠᠨ ᠪᠦᠲᠦᠭᠡᠯᠴᠢ ᠴᠢᠨᠠᠷ ᠢ ᠪᠤᠳᠤᠯᠬᠢᠯᠠᠬᠤ ᠠᠴᠠ ᠭᠠᠳᠠᠨ᠎ᠠ ᠲᠡᠭᠦᠨ ᠦ ᠲᠦᠪ ᠴᠢᠩᠭ᠍᠎ᠠ ᠰᠢᠨᠵᠢᠯᠡᠬᠦ ᠤᠬᠠᠭᠠᠨᠴᠢ ᠴᠢᠨᠠᠷ ᠢ ᠪᠠᠷᠢᠮᠲᠠᠯᠠᠵᠤ᠂ ᠨᠠᠷᠢᠨ ᠬᠢᠨᠠᠮᠠᠭᠠᠢ ᠬᠠᠷᠢᠭᠤᠴᠠᠯᠭᠠᠲᠤ ᠣᠪᠤᠷ ᠢᠶᠠᠷ ᠬᠠᠨᠳᠤᠪᠠᠯ᠂ ᠣᠷᠴᠢᠭᠤᠯᠭ᠎ᠠ ᠶᠢᠨ ᠶᠠᠪᠤᠴᠠ ᠳᠤᠮᠳᠠ ᠲᠤᠯᠭᠠᠷᠠᠭᠰᠠᠨ ᠡᠯ ᠡ ᠵᠤᠢᠯ ᠤᠨ ᠮᠠᠳᠠᠭ ᠲᠠᠢ ᠵᠤᠢᠯ ᠪᠠ ᠬᠦᠴᠢᠷ ᠠᠰᠠᠭᠤᠳᠠᠯ ᠢ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠡᠷ ᠰᠢᠢᠳᠪᠦᠷᠢᠯᠡᠵᠦ ᠴᠢᠳᠠᠬᠤ ᠶᠤᠮ᠃ ᠡᠨᠡ ᠲᠠᠯ᠎ᠠ ᠪᠠᠷ ᠪᠢᠳᠡ ᠠᠬᠠᠮᠠᠳ ᠪᠠᠭᠰᠢᠨᠠᠷ ᠤᠨ ᠣᠷᠴᠢᠭᠤᠯᠭ᠎ᠠ ᠶᠢᠨ ᠠᠵᠢᠯ ᠳᠤ ᠬᠠᠨᠳᠤᠳᠠᠭ ᠲᠦᠪ ᠬᠢᠨᠠᠮᠠᠭᠠᠢ ᠬᠠᠷᠢᠭᠤᠴᠠᠯᠭᠠᠲᠤ ᠣᠪᠤᠷ ᠢ ᠰᠤᠷᠤᠯᠴᠠᠵᠤ᠂ ᠦᠪᠡᠷ ᠦᠨ ᠲᠤᠬᠠᠢᠯᠠᠭᠰᠠᠨ ᠠᠵᠢᠯ ᠤᠨ ᠡᠭᠦᠷᠭᠡ ᠬᠠᠷᠢᠭᠤᠴᠠᠯᠭᠠᠲᠤ ᠣᠪᠤᠷ ᠢ ᠪᠠᠷᠢᠮᠲᠠᠯᠠᠵᠤ᠂ ᠦᠪᠡᠷ ᠦᠨ ᠲᠤᠬᠠᠢᠯᠠᠭᠰᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠ ᠦᠩᠭᠡ ᠭᠡᠷᠡᠯ ᠢ ᠲᠠᠨᠢᠵᠤ ᠪᠤᠯᠤᠨ᠎ᠠ᠃
Original Literature View Original Paper
出自 中国蒙古学 2015年 第4期

联系我们


内蒙古大学图书馆
呼和浩特市大学西路235号
中国·内蒙古
P: (0471) 4992561
E: huangfeilong@imu.edu.cn