摘要 |
ᠨᠡᠢᠭᠡᠮ ᠵᠢᠷᠤᠮ ᠤᠨ ᠤᠨᠤᠯ ᠪᠣᠯ ᠦᠢᠯᠡᠳᠦᠯᠭᠡ ᠶᠢᠨ ᠰᠠᠭᠤᠷᠢᠨ ᠲᠡᠭᠡᠷ ᠡ ᠲᠠᠰᠤᠷᠠᠯᠲᠠ ᠦᠭᠡᠢ ᠪᠠᠶᠠᠯᠢᠭᠵᠢᠨ ᠬᠦᠭᠵᠢᠳᠠᠭ᠌ ᠤᠨᠤᠯ ᠤᠨ ᠰᠢᠰᠲ᠋ᠸᠮ ᠶᠣᠮ᠃ ᠳ᠋ᠸᠩ ᠰᠢᠶᠣᠣ ᠫᠢᠩ ᠨᠦᠬᠦᠷ ᠮᠠᠷᠺᠰ ᠤᠨ ᠤᠨᠤᠯ ᠢ ᠲᠤᠮᠳᠠᠳᠤ ᠤᠯᠤᠰ ᠤᠨ ᠪᠣᠳᠠᠳᠤ ᠪᠠᠢᠳᠠᠯ ᠲᠠᠢ ᠤᠶᠠᠯᠳᠤᠭᠤᠯᠤᠭᠰᠠᠨ ᠰᠠᠭᠤᠷᠢᠨ ᠲᠡᠭᠡᠷ ᠡ ᠰᠢᠨᠵᠢᠯᠡᠬᠦ ᠤᠬᠠᠭᠠᠨᠴᠢ ᠨᠡᠢᠭᠡᠮ ᠵᠢᠷᠤᠮ ᠤᠨ ᠣᠨᠤᠯ ᠢ ᠪᠦᠲᠦᠡᠯᠴᠢ ᠪᠡᠷ ᠬᠦᠭᠵᠢᠭᠦᠯᠦᠭᠰᠡᠨ ᠶᠣᠮ᠃ ᠳ᠋ᠸᠩ ᠰᠢᠶᠣᠣ ᠫᠢᠩ ᠤᠨ ᠲᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠢ ᠪᠦᠲᠦᠡᠨ ᠪᠠᠢᠭᠤᠯᠬᠤ ᠤᠨᠤᠯ ᠨᠢ ᠭᠤᠤᠯᠳᠠᠭᠤ ᠭᠤᠷᠪᠠᠨ ᠲᠠᠯ ᠠ ᠪᠡᠷ ᠢᠯᠡᠷᠡᠵᠦ ᠪᠠᠢᠳᠠᠭ᠃ ᠨᠢᠭᠡ ᠳ᠋ᠤ᠂ ᠮᠠᠷᠺᠰ ᠤᠨ ᠦᠵᠡᠯ ᠤᠨ ᠬᠦᠭᠵᠢᠯᠲᠡ ᠶᠢᠨ ᠦᠵᠡᠯᠲᠡ ᠪᠡᠷ ᠰᠢᠨ᠎ᠡ ᠠᠰᠠᠭᠤᠳᠠᠯ ᠢ ᠰᠣᠳᠤᠯᠵᠤ ᠰᠢᠢᠳᠪᠦᠷᠢᠯᠡᠵᠢ᠃ ᠬᠤᠶᠠᠷ ᠲᠤ᠂ ᠶᠠᠭᠤ ᠵᠢ ᠨᠡᠢᠭᠡᠮ ᠵᠢᠷᠤᠮ ᠬᠡᠬᠦ ᠪᠠ ᠨᠡᠢᠭᠡᠮ ᠵᠢᠷᠤᠮ ᠢ ᠬᠡᠷᠬᠢᠨ ᠪᠦᠲᠦᠭᠡᠨ ᠪᠠᠢᠭᠤᠯᠬᠤ ᠠᠰᠠᠭᠤᠳᠠᠯ ᠢ ᠲᠤᠷᠠᠳᠪᠠ᠃ ᠭᠤᠷᠪᠠᠨ ᠳ᠋ᠤ᠂ ᠲᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠤᠨᠤᠯ ᠢ ᠲᠤᠷᠠᠳᠤᠭᠰᠠᠨ ᠪᠠ ᠪᠣᠳᠠᠤ ᠦᠢᠯᠡᠳᠦᠯᠭᠡ ᠳ᠋ᠤ ᠬᠦᠭᠵᠢᠬᠦᠯᠦᠭᠰᠡᠨ ᠪᠠᠢᠨ᠎ᠠ᠃ |