题名 |
ᠰᠠ ᠡᠪᠡᠳᠴᠢᠨ ᠦ ᠡᠮᠨᠡᠯ ᠦᠨ ᠠᠴᠢ ᠲᠤᠰᠠ ᠶᠢ ᠦᠨᠡᠯᠡᠬᠦ ᠰᠤᠳᠤᠯᠭᠠᠨ ᠤ ᠲᠤᠢ᠌ᠢᠮᠤ |
作者 |
ᠸᠠᠩ ᠰᠢᠶᠤᠤ ᠿᠦᠩ; ᠡᠷᠳᠡᠨᠢᠴᠢᠯᠠᠭᠤ |
关键词 |
ᠰᠠ ᠡᠪᠡᠳᠴᠢᠨ; ᠬᠡᠮᠵᠢᠭᠦᠷ ᠬᠦᠰᠦᠨᠦᠭ; ᠠᠴᠢ ᠬᠤᠯᠪᠤᠭᠳᠠᠯ |
摘要 |
ᠲᠠᠷᠢᠬᠢ ᠴᠢᠰᠦᠨ ᠰᠤᠳᠠᠯ ᠤᠨ ᠡᠪᠡᠳᠴᠢᠨ (脑卒中)᠋ ᠤ ᠣᠨᠣᠰᠢᠯᠠᠬᠤ ᠬᠡᠮᠵᠢᠭᠦᠷ ᠬᠦᠰᠦᠨᠦᠭ ᠪᠤᠯᠤᠨ ᠡᠮᠨᠡᠯ ᠤᠨ ᠠᠴᠢ ᠲᠤᠰᠠ ᠶᠢ ᠦᠨᠡᠯᠡᠬᠦ ᠬᠡᠮᠵᠢᠭᠦᠷ ᠬᠦᠰᠦᠨᠦᠭ ᠢ ᠬᠢᠲᠠᠳ ᠡᠸᠦ᠋ᠷᠦᠫᠡ ᠡᠮᠨᠡᠯᠭᠡ ᠪᠡ ᠳᠡᠯᠡᠬᠡᠢ ᠶᠢᠨ ᠬᠡᠪᠴᠢᠶᠡᠨ ᠳᠦ ᠦᠷᠭᠡᠨ ᠢᠶᠡᠷ ᠬᠡᠷᠡᠭᠯᠡᠵᠦ ᠪᠤᠢ᠃ ᠭᠡᠲᠡᠯ᠎ᠡ ᠡᠨᠡ ᠨᠢ ᠮᠣᠩ᠋ᠭᠤᠯ ᠠᠨᠠᠭᠠᠬᠤ ᠤᠬᠠᠭᠠᠨ ᠤ ᠦᠨᠳᠦᠰᠦᠨ ᠣᠨᠣᠯ ᠢᠶᠠᠷ ᠤᠳᠤᠷᠢᠳᠤᠮᠵᠢ ᠪᠤᠯᠭᠠᠵᠤ ᠳᠡᠢ᠌ᠯᠬᠦ ᠦᠭᠡᠢ᠂ ᠮᠠᠬᠠᠪᠤᠳ ᠲᠠᠮᠢᠷ ᠤᠨ ᠣᠨᠣᠯ ᠲᠠᠢ ᠨᠡᠢ᠌ᠴᠡᠬᠦ ᠦᠭᠡᠢ ᠮᠦᠷᠲᠡᠭᠡᠨ ᠮᠣᠩ᠋ᠭᠤᠯ ᠡᠮᠨᠡᠯᠭᠡ ᠶᠢᠨ ᠬᠤᠪᠢᠰᠤᠩ᠋ᠭᠤᠢ ᠵᠠᠳᠠᠯᠤᠯᠲᠠ ᠬᠢᠵᠦ ᠡᠪᠡᠳᠴᠢᠨ ᠡᠮᠬᠡᠭ᠌ ᠢ ᠡᠮᠨᠡᠨ ᠵᠠᠰᠠᠬᠤ ᠣᠨᠴᠠᠭᠠᠢ ᠲᠠᠯ᠎ᠠ ᠶᠢ ᠪᠠᠳᠠᠷᠠᠭᠤᠯᠵᠤ ᠴᠢᠳᠠᠬᠤ ᠦᠭᠡᠢ ᠪᠠᠢ᠌ᠳᠠᠭ᠃ ᠮᠣᠩ᠋ᠭᠤᠯ ᠡᠮᠨᠡᠯᠭᠡ ᠳᠦ ᠰᠠ ᠡᠪᠡᠳᠴᠢᠨ ᠢ ᠲᠤᠭ᠎ᠠ ᠪᠠᠷᠢᠮᠲᠠ ᠲᠠᠢ ᠪᠠᠷ ᠬᠡᠮᠵᠢᠶᠡᠯᠡᠬᠦ ᠵᠡᠷᠭᠡ ᠮᠣᠩ᠋ᠭᠤᠯ ᠠᠨᠠᠭᠠᠬᠤ ᠤᠬᠠᠭᠠᠨ ᠤ ᠣᠨᠣᠯ ᠢᠶᠠᠷ ᠵᠠᠳᠠᠯᠤᠨ ᠣᠨᠣᠰᠢᠯᠠᠬᠤ ᠪᠠ ᠡᠮᠨᠡᠯ ᠦᠨ ᠠᠴᠢ ᠲᠤᠰᠠ ᠶᠢ ᠦᠨᠡᠯᠡᠬᠦ ᠬᠡᠮᠵᠢᠭᠦᠷ ᠬᠦᠰᠦᠨᠦᠭ ᠦᠨ ᠲᠤᠬᠠᠢ ᠰᠤᠳᠤᠯᠭ᠎ᠠ ᠬᠠᠷᠠᠬᠠᠨ ᠬᠠᠷᠠᠭᠳᠠᠭ᠎ᠠ ᠦᠭᠡᠢ ᠪᠠᠢ᠌ᠭᠰᠠᠭᠠᠷ᠃ ᠡᠢ᠌ᠮᠦ ᠡᠴᠡ᠂ ᠲᠤᠰ ᠰᠤᠳᠤᠯᠭ᠎ᠠ ᠨᠢ ᠡᠮᠴᠢᠯᠡᠭᠡᠨ ᠳᠡᠭᠡᠷ᠎ᠡ ᠰᠠ ᠡᠪᠡᠳᠴᠢᠨ ᠢ ᠲᠦᠷᠭᠡᠨ ᠣᠨᠣᠪᠴᠲᠠᠢ ᠰᠢᠨᠵᠢᠯᠡᠬᠦ ᠤᠬᠠᠭᠠᠨᠴᠢ ᠲᠤᠭ᠎ᠠ ᠪᠠᠷᠢᠮᠲᠠ ᠪᠠᠷ ᠬᠡᠮᠵᠢᠶᠡᠯᠡᠨ᠂ ᠣᠨᠣᠰᠢᠯᠠᠵᠤ ᠡᠮᠴᠢᠯᠡᠬᠦ ᠳᠦ ᠳᠦᠭᠦᠮ ᠲᠦᠳᠡ ᠨᠦᠬᠦᠴᠡᠯ ᠢ ᠪᠦᠷᠢᠯᠳᠦᠭᠦᠯᠬᠦ ᠪᠡ ᠣᠨᠣᠯ ᠤᠨ ᠪᠠᠷᠢᠮᠲᠠ ᠢ ᠬᠠᠩ᠋ᠭᠠᠵᠤ᠂ ᠮᠣᠩ᠋ᠭᠤᠯ ᠡᠮᠨᠡᠯᠭᠡ ᠪᠡᠨ ᠤᠯᠠᠮ ᠨᠢᠭᠡ ᠠᠯᠬᠤᠮ ᠬᠦᠭ᠍ᠵᠢᠭᠦᠯᠵᠦ ᠪᠠᠳᠠᠷᠠᠭᠤᠯᠬᠤ ᠳᠤ ᠮᠠᠰᠢ ᠶᠡᠬᠡ ᠯᠠᠪᠯᠠᠯᠲᠠ ᠶᠢᠨ ᠠᠴᠢ ᠬᠤᠯᠪᠤᠭᠳᠠᠯ ᠲᠠᠢ ᠪᠠᠢ᠌ᠳᠠᠭ᠃ |
原文 |
查看原文
|
出自 |
内蒙古民族大学学报(自然科学)
2013年
第1期
|