题名 |
ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠤᠨ ᠪᠦᠲᠦᠬᠡᠨ ᠪᠠᠢᠭᠤᠯᠤᠯᠲᠠ ᠶᠢᠨ ᠲᠤᠬᠠᠢ —— ᠬᠦᠯᠦᠨ ᠪᠤᠢᠷ ᠳᠡᠭᠡᠳᠦ ᠰᠤᠷᠭᠠᠭᠤᠯᠢ ᠪᠠᠷ ᠵᠢᠱᠢᠶᠡᠯᠡᠪᠡ |
作者 |
ᠲᠠᠰᠢᠰᠦᠷᠦᠩ |
关键词 |
ᠬᠦᠯᠦᠨ ᠪᠤᠢᠷ ᠳᠡᠭᠡᠳᠦ ᠰᠤᠷᠭᠠᠭᠤᠯᠢ; ᠮᠦᠰᠦ ᠴᠠᠰᠤᠨ ᠤ ᠪᠡᠶ ᠡ ᠲᠠᠮᠢᠷ; ᠦᠢᠯᠡᠳᠦᠯ; ᠪᠦᠲᠦᠬᠡᠨ ᠪᠠᠢᠭᠤᠯᠬᠤ |
摘要 |
ᠬᠦᠯᠦᠨ ᠪᠤᠢᠷ ᠳᠡᠭᠡᠳᠦ ᠰᠤᠷᠭᠠᠭᠤᠯᠢ ᠶᠢᠨ ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠪᠤᠯ ᠬᠦᠯᠦᠨ ᠪᠤᠢᠷ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠷᠲᠤ ᠤᠳᠠᠭᠠᠨ ᠮᠦᠰᠦ ᠴᠠᠰᠤᠨ ᠤ ᠪᠡᠶ᠎ᠡ ᠲᠠᠮᠢᠷ ᠤᠨ ᠰᠤᠷᠭᠠᠨ ᠬᠦᠮᠦᠵᠢᠯ ᠦᠨ ᠦᠢᠯᠡᠳᠦᠯᠭᠡ ᠳᠤᠮᠳᠠ ᠪᠠᠨ ᠬᠠᠮᠲᠤᠪᠠᠷ ᠪᠦᠲᠦᠭᠡᠭᠰᠡᠨ ᠨᠢᠭᠡ ᠵᠤᠢᠯ ᠤᠨ ᠰᠤᠶᠤᠯ ᠤᠨ ᠦᠵᠡᠭᠳᠡᠯ ᠶᠤᠮ᠃ ᠪᠠᠰᠠ ᠴᠤ ᠬᠦᠯᠦᠨ ᠪᠤᠢᠷ ᠳᠡᠭᠡᠳᠦ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠦᠮᠦᠵᠢᠯ ᠢ ᠶᠠᠪᠤᠭᠳᠠᠭᠤᠯᠬᠤ ᠳᠤ ᠳᠤᠲᠠᠭᠳᠠᠵᠤ ᠪᠤᠯᠤᠰᠢ ᠦᠭᠡᠢ ᠴᠢᠬᠤᠯᠠ ᠪᠦᠷᠢᠯᠳᠦᠭᠦᠨ ᠬᠡᠰᠡᠭ ᠶᠤᠮ᠃ ᠬᠦᠯᠦᠨ ᠪᠤᠢᠷ ᠳᠡᠭᠡᠳᠦ ᠰᠤᠷᠭᠠᠭᠤᠯᠢ ᠶᠢᠨ ᠮᠦᠰᠦ ᠴᠠᠰᠤᠨ ᠤ ᠪᠡᠶ ᠡ ᠲᠠᠮᠢᠷ ᠤᠨ ᠰᠤᠶᠤᠯ ᠤᠨ ᠪᠦᠲᠦᠬᠡᠨ ᠪᠠᠢᠭᠤᠯᠤᠯᠲᠠ ᠪᠠᠷ ᠳᠠᠮᠵᠢᠨ᠂ ᠬᠡᠪ ᠴᠢᠨᠠᠷ ᠤᠨ ᠰᠤᠷᠭᠠᠨ ᠬᠦᠮᠦᠵᠢᠯ ᠦᠨ ᠬᠠᠷᠠᠯᠲᠠ ᠶᠢ ᠪᠡᠶᠡᠯᠡᠭᠦᠯᠬᠦ ᠳᠦ ᠦᠢᠯᠡᠴᠢᠯᠡᠭᠦᠯᠦᠨ᠎ᠡ᠃ ᠬᠦᠯᠦᠨ ᠪᠤᠢᠷ ᠳᠡᠭᠡᠳᠦ ᠰᠤᠷᠭᠠᠭᠤᠯᠢ ᠶᠢᠨ ᠮᠦᠰᠦ ᠴᠠᠰᠤᠨ ᠤ ᠪᠡᠶ᠎ᠡ ᠲᠠᠮᠢᠷ ᠤᠨ ᠰᠤᠶᠤᠯ ᠤᠨ ᠬᠠᠮᠢᠶ᠎ᠠ ᠪᠦᠬᠦᠢ ᠤᠬᠠᠭᠳᠠᠬᠤᠨ ᠠᠴᠠ ᠡᠭᠦᠰᠴᠦ᠂ ᠲᠡᠭᠦᠨ ᠦ ᠴᠢᠬᠤᠯᠠ ᠠᠴᠢ ᠬᠤᠯᠪᠤᠭᠳᠠᠯ ᠢ ᠵᠠᠳᠠᠯᠤᠨ᠂ ᠮᠦᠰᠦ ᠴᠠᠰᠤᠨ ᠤ ᠪᠡᠶ ᠡ ᠶᠢᠨ ᠲᠠᠮᠢᠷ ᠤᠨ ᠬᠢᠴᠢᠶᠡᠯ ᠦᠨ ᠪᠦᠲᠦᠬᠡᠨ ᠪᠠᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨ᠎ᠠ ᠳᠤᠲᠤᠨᠠᠬᠢ ᠦᠷᠢᠰᠦᠯᠳᠦᠭᠡᠨ ᠲᠡᠢ ᠮᠦᠷᠲᠡᠭᠡᠨ ᠬᠠᠮᠲᠤᠴᠢ ᠴᠢᠨᠠᠷ ᠲᠠᠢ ᠮᠦᠰᠦ ᠴᠠᠰᠤᠨ ᠤ ᠬᠦᠳᠡᠯᠭᠡᠭᠡᠨ ᠢ ᠢᠳᠡᠪᠬᠢᠲᠡᠢ ᠦᠷᠨᠢᠭᠦᠯᠵᠦ᠂ ᠰᠤᠷᠭᠠᠭᠤᠯᠢ ᠶᠢᠨ ᠬᠦᠷᠢᠶᠡᠨ ᠦ ᠮᠦᠰᠦ ᠴᠠᠰᠤᠨ ᠤ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠲᠦᠬᠡᠨ ᠪᠠᠢᠭᠤᠯᠤᠯᠲᠠ ᠶᠢᠨ ᠬᠦᠴᠦᠯᠡᠴᠡ ᠶᠢ ᠴᠢᠩᠭᠠᠳᠬᠠ᠂ ᠰᠤᠷᠤᠭᠴᠢ ᠶᠢᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠪᠦᠯᠬᠦᠮ ᠦᠨ ᠪᠦᠲᠦᠬᠡᠨ ᠪᠠᠢᠭᠤᠯᠤᠯᠲᠠ ᠶᠢ ᠲᠦᠷᠭᠡᠳᠭᠡᠵᠦ᠂ ᠰᠤᠷᠭᠠᠭᠤᠯᠢ ᠶᠢᠨ ᠬᠦᠷᠢᠶᠡᠨ ᠦ ᠡᠯᠪᠡᠭ ᠪᠠᠶᠠᠯᠢᠭ ᠰᠦᠯᠵᠢᠶᠡᠨ ᠪᠡᠶ᠎ᠡ ᠶᠢᠨ ᠲᠠᠮᠢᠷ ᠤᠨ ᠰᠤᠶᠤᠯ ᠢ ᠡᠭᠦᠳᠴᠦ᠂ ᠰᠤᠷᠭᠠᠭᠤᠯᠢ ᠶᠢᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠰᠤᠶᠤᠯ ᠤᠨ ᠤᠬᠠᠭᠤᠯᠭ᠎ᠠ ᠶᠢ ᠪᠦᠬᠦ ᠲᠠᠯ᠎ᠠ ᠪᠠᠷ ᠬᠢᠬᠦ ᠵᠡᠷᠭᠡ ᠲᠠᠯ᠎ᠠ ᠠᠴᠠ ᠬᠦᠯᠦᠨ ᠪᠤᠢᠷ ᠳᠡᠭᠡᠳᠦ ᠰᠤᠷᠭᠠᠭᠤᠯᠢ ᠶᠢᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠰᠤᠶᠤᠯ ᠤᠨ ᠪᠦᠲᠦᠬᠡᠨ ᠪᠠᠢᠭᠤᠯᠤᠯᠲᠠ ᠶᠢᠨ ᠠᠷᠭ᠎ᠠ ᠵᠠᠮ ᠢ ᠦᠭᠦᠯᠡᠵᠡᠢ᠃ ᠵᠦᠪᠬᠡᠨ ᠲᠠᠰᠤᠷᠠᠯᠲᠠ ᠦᠭᠡᠢ ᠰᠢᠨᠡᠴᠢᠯᠡᠬᠦ ᠪᠡ ᠬᠠᠢᠨ ᠰᠦᠪᠡᠭᠴᠢᠯᠡᠮᠡᠨᠵᠢᠨ ᠰᠠᠶᠢ ᠳᠡᠭᠡᠳᠦ ᠰᠤᠷᠭᠠᠭᠤᠯᠢ ᠶᠢᠨ ᠮᠦᠰᠦ ᠴᠠᠰᠤᠨ ᠪ ᠪᠡᠶ᠎ᠡ ᠶᠢᠨ ᠲᠠᠮᠢᠷ ᠤᠨ ᠰᠤᠶᠤᠯ ᠢ ᠪᠠᠳᠠᠷᠠᠭᠤᠯᠤᠨ ᠬᠦᠭᠵᠢᠭᠦᠯᠦᠨ᠎ᠡ᠃ |
原文 |
没有原文
|
出自 |
内蒙古师范大学学报(自然科学蒙古文版)
2013年
第4期
|