题名 |
ᠬᠤᠷᠴᠢᠨ ᠰᠤᠶᠤᠯ ᠰᠤᠳᠤᠯᠤᠯ ᠪᠠ ᠬᠤᠷᠴᠢᠨ ᠰᠤᠶᠤᠯ ᠤᠨ ᠵᠤᠭᠠᠴᠠᠯ ᠤᠨ ᠢᠨᠵᠸᠨ᠋ᠸᠷᠢᠩ |
作者 |
ᠪ · ᠰᠤᠳᠤ |
关键词 |
ᠰᠤᠶᠤᠯ ᠰᠤᠳᠤᠯᠤᠯ; ᠠᠵᠤ ᠠᠬᠤᠢ ᠰᠤᠶᠤᠯ ᠤᠨ ᠪᠦᠳᠦᠭᠡᠨ ᠪᠠᠢ᠌ᠭᠤᠯᠤᠯᠳᠠ; ᠬᠤᠷᠴᠢᠨ ᠰᠤᠶᠤᠯ ᠤᠨ ᠵᠤᠭᠠᠴᠠᠯ ᠤᠨ ᠢᠨᠵᠸᠨ᠋ᠸᠷᠢᠩ |
摘要 |
ᠤᠳᠤᠬᠢ ᠨᠡᠢ᠌ᠭᠡᠮ ᠤᠨ ᠬᠦᠭ᠍ᠵᠢᠯᠳᠡ ᠶᠢᠨ ᠬᠡᠷᠡᠭᠴᠡᠭᠡ ᠱᠠᠭᠠᠷᠳᠠᠯᠭ᠎ᠠ ᠡᠴᠡ ᠦᠵᠡᠪᠡᠯ ᠰᠢᠨᠵᠢᠯᠡᠬᠦ ᠤᠬᠠᠭᠠᠨ ᠰᠤᠳᠤᠯᠤᠯ ᠤᠨ ᠠᠵᠢᠯ ᠨᠢ ᠨᠡᠢ᠌ᠭᠡᠮ ᠤᠨ ᠠᠵᠤ ᠠᠬᠤᠢ ᠰᠤᠶᠤᠯ ᠤᠨ ᠪᠦᠳᠦᠭᠡᠨ ᠪᠠᠢ᠌ᠭᠤᠯᠤᠯᠳᠠ ᠲᠠᠢ ᠨᠢᠭ᠌ᠳᠠ ᠤᠶᠠᠯᠳᠤᠪᠠᠯ ᠰᠠᠶᠢ ᠪᠠᠳᠤᠯᠠᠭ᠎ᠠ ᠲᠠᠢ ᠬᠦᠭ᠍ᠵᠢᠵᠦ ᠲᠡᠢ᠌ᠯᠳᠡᠭ᠃ ᠶᠠᠭ ᠡᠢ᠌ᠮᠦ ᠡᠴᠡ ᠬᠤᠷᠴᠢᠨ ᠰᠤᠶᠤᠯ ᠰᠤᠳᠤᠯᠤᠯ ᠤᠨ ᠡᠷᠳᠡᠮ ᠰᠢᠨᠵᠢᠯᠡᠭᠡᠨ ᠤ ᠠᠵᠢᠯ ᠢ ᠤᠷᠤᠨ ᠨᠤᠳᠤᠭ ᠤᠨ ᠠᠵᠤ ᠠᠬᠤᠢ ᠰᠤᠶᠤᠯ ᠤᠨ ᠪᠦᠳᠦᠭᠡᠨ ᠪᠠᠢ᠌ᠭᠤᠯᠤᠯᠳᠠ ᠳᠤ ᠦᠢᠯᠡᠴᠢᠯᠡᠭᠦᠯᠪᠡᠯ ᠵᠤᠬᠢᠨ᠎ᠠ᠃ 《 ᠬᠤᠷᠴᠢᠨ ᠰᠤᠶᠤᠯ ᠤᠨ ᠵᠤᠭᠠᠴᠠᠯ ᠤᠨ ᠢᠨᠵᠸᠨ᠋ᠸᠷᠢᠩ 》ᠭᠡᠳᠡᠭ ᠢ ᠶᠠᠭ ᠡᠨᠡᠬᠦ ᠠᠬᠤᠢ ᠪᠠᠢ᠌ᠳᠠᠯ ᠳᠤ ᠴᠢᠭ᠍ᠯᠡᠭᠦᠯᠦᠨ ᠲᠤᠷᠠᠳᠤᠨ ᠭᠠᠷᠭᠠᠭᠰᠠᠨ ᠶᠤᠮ᠃ ᠭᠡᠬᠦ ᠳ᠋ᠡᠭᠡᠨ ᠬᠤᠷᠴᠢᠨ ᠰᠤᠶᠤᠯ ᠤᠨ ᠵᠤᠭᠠᠴᠠᠯ ᠤᠨ ᠠᠭᠤᠯᠭ᠎ᠠ ᠳᠤ ᠨᠠᠭᠠᠳᠤ ᠵᠠᠬ᠎ᠠ ᠳᠠᠭᠠᠨ ᠂ ᠡᠷᠳᠡᠨ ᠤ ᠲᠡᠦᠬᠡ ᠰᠤᠶᠤᠯ ᠤᠨ ᠲᠤᠷᠠᠰᠬᠠᠯ ᠤᠨ ᠵᠤᠭᠠᠴᠠᠯ; ᠵᠠᠩ ᠦᠢᠯᠡ ᠶᠢᠨ ᠰᠤᠶᠤᠯ ᠤᠨ ᠵᠤᠭᠠᠴᠠᠯ; ᠱᠠᠰᠢᠨ ᠤ ᠰᠤᠶᠤᠯ ᠤᠨ ᠵᠤᠭᠠᠴᠠᠯ; ᠢᠳᠡᠭᠡᠨ ᠤ ᠰᠤᠶᠤᠯ ᠤᠨ ᠵᠤᠭᠠᠴᠠᠯ ᠭᠡᠬᠦ ᠵᠡᠷᠭᠡ ᠶᠢ ᠪᠠᠭᠳᠠᠭᠠᠵᠤ ᠪᠤᠯᠤᠨ᠎ᠠ᠃ ᠬᠤᠷᠴᠢᠨ ᠰᠤᠶᠤᠯ ᠤᠨ ᠵᠤᠭᠠᠴᠠᠯ ᠤᠨ ᠢᠨᠵᠸᠨ᠋ᠸᠷᠢᠩ ᠢ ᠡᠭᠦᠰᠭᠡᠨ ᠲᠦᠯᠦᠪᠵᠢᠭᠦᠯᠵᠦ ᠬᠢᠬᠦ ᠳᠤ ᠤᠯᠠᠨ ᠲᠠᠯ᠎ᠠ ᠶᠢᠨ ᠠᠵᠢᠯ ᠢ ᠭᠠᠷᠳᠠᠨ ᠬᠢᠬᠦ ᠴᠢᠬᠤᠯᠠᠳᠠᠢ ᠪᠠᠢ᠌ᠨ᠎ᠠ᠃ |
原文 |
没有原文
|
出自 |
内蒙古社会科学(蒙文版)
2002年
第2期
|