摘要 |
ᠨᠤᠲᠤᠭ ᠤᠨ ᠠᠶᠠᠯᠭᠤ ᠪᠤᠯ ᠣᠷᠤᠨ ᠨᠤᠲᠤᠭ ᠤᠨ ᠲᠡᠦᠬᠡ ᠰᠤᠶᠤᠯ ᠤᠨ ᠠᠴᠢᠶᠠᠯᠠᠪᠤᠷᠢ ᠪᠤᠯᠤᠨ᠎ᠠ᠃ ᠬᠣᠷᠴᠢᠨ ᠠᠮᠠᠨ ᠠᠶᠠᠯᠭᠤᠨ ᠤ ᠪᠤᠳᠤᠯᠢᠶᠠᠨᠲᠤ ᠰᠢᠨᠵᠢ ᠪᠡ ᠬᠤᠪᠢᠶᠠᠯᠳᠠᠲᠤ ᠣᠨᠴᠠᠯᠢᠭ ᠨᠢ ᠬᠣᠷᠴᠢᠨ ᠤ ᠨᠡᠢᠭᠡᠮ ᠲᠡᠦᠬᠡ᠂ ᠣᠷᠤᠨ ᠨᠤᠲᠤᠭ ᠤᠨ ᠰᠤᠶᠤᠯ ᠤᠨ ᠣᠷᠴᠢᠨ ᠠᠬᠤᠢ ᠲᠠᠢ ᠨᠢᠭᠲᠠ ᠬᠤᠯᠪᠤᠭ᠎ᠠ ᠲᠠᠢ ᠪᠠᠢᠳᠠᠭ᠃ ᠲᠦᠷᠦᠯ ᠰᠠᠲᠤᠨ ᠤ ᠳᠠᠭᠤᠳᠠᠯᠭ᠎ᠠ ᠪᠤᠯ ᠬᠡᠯᠡᠨ ᠦ ᠦᠵᠡᠭᠳᠡᠯ ᠮᠦᠷᠲᠡᠭᠡᠨ ᠰᠤᠶᠤᠯ ᠤᠨ ᠦᠵᠡᠭᠳᠡᠯ ᠮᠦᠨ᠃ ᠲᠤᠰ ᠦᠭᠦᠯᠡᠯ ᠳᠦ᠂ ᠬᠣᠷᠴᠢᠨ ᠠᠮᠠᠨ ᠠᠶᠠᠯᠭᠤᠨ ᠤ ᠦᠭᠡᠰ ᠦᠨ ᠰᠠᠩ ᠤᠨ ᠴᠢᠬᠤᠯᠠ ᠪᠦᠷᠢᠯᠳᠦᠭᠦᠨ ᠪᠤᠯᠤᠭᠰᠠᠨ ᠲᠦᠷᠦᠯ ᠰᠠᠲᠤᠨ ᠤ ᠳᠠᠭᠤᠳᠠᠯᠭ᠎ᠠ ᠶᠢ ᠪᠢᠴᠢᠭ ᠦᠨ ᠬᠡᠯᠡ ᠵᠢᠴᠢ ᠪᠤᠰᠤᠳ ᠠᠶᠠᠯᠭᠤ ᠠᠮᠠᠨ ᠠᠶᠠᠯᠭᠤᠨ ᠤ ᠲᠦᠷᠦᠯ ᠰᠠᠲᠤᠨ ᠤ ᠳᠠᠭᠤᠳᠠᠯᠭ᠎ᠠ ᠲᠠᠢ ᠬᠠᠷᠢᠴᠠᠭᠤᠯᠬᠤ ᠪᠠᠷ ᠳᠠᠮᠵᠢᠨ ᠬᠣᠷᠴᠢᠨ ᠮᠣᠩᠭᠤᠯᠴᠤᠳ ᠤᠨ ᠲᠦᠷᠦᠯ ᠰᠠᠲᠤᠨ ᠤ ᠳᠠᠭᠤᠳᠠᠯᠭ᠎ᠠ ᠶᠢᠨ ᠦᠪᠡᠷᠮᠢᠴᠡ ᠣᠨᠴᠠᠯᠢᠭ ᠢ ᠰᠢᠨᠵᠢᠯᠡᠭᠰᠡᠨ ᠪᠠᠢᠨ᠎ᠠ᠃ |