摘要 |
ᠣᠢ᠌ᠷᠠᠳ ᠮᠣ᠌ᠭᠤᠯᠴᠤᠳ ᠬᠢᠭᠡᠳ ᠬᠢᠷᠬᠢᠰᠴᠦᠳ ᠬᠡᠳᠦᠢ᠌ᠪᠡᠷ ᠦᠪᠡᠷ ᠦᠪᠡᠷ ᠦᠨ ᠢᠶᠡᠨ ᠲᠤᠰᠠᠭᠠᠷ ᠪᠡᠶ᠎ᠡ ᠪᠡᠨ ᠳᠠᠭᠠᠭᠠᠭᠰᠠᠨ ᠠᠮᠠᠨ ᠲᠤᠤᠯᠢ ᠶᠢᠨ ᠤᠯᠠᠮᠵᠢᠯᠠᠯ ᠢ ᠡᠭᠦᠳᠦᠨ ᠪᠦᠲᠦᠭᠡᠭ᠍ᠰᠡᠨ ᠪᠤᠯᠪᠠᠴᠤ ᠠᠮᠢᠳᠤᠷᠠᠯ ᠤᠨ ᠣᠷᠴᠢᠨ᠂ ᠦᠢᠯᠡᠳᠪᠦᠷᠢᠯᠡᠯ ᠦᠨ ᠬᠡᠯᠪᠡᠷᠢ ᠨᠢ ᠣᠢ᠌ᠷ᠎ᠠ ᠲᠦᠰᠦᠭᠡᠲᠡᠢ᠂ ᠲᠡᠦᠬᠡ ᠶᠢᠨ ᠤᠷᠲᠤ ᠤᠳᠠᠭᠠᠨ ᠣᠨ ᠵᠢᠯ ᠦᠳ ᠲᠦ ᠣᠢ᠌ᠷ᠎ᠠ ᠵᠡᠷᠭᠡᠯᠡᠳᠡᠭᠡ ᠣᠷᠤᠰᠢᠵᠤ᠂ ᠲᠡᠦᠬᠡ ᠰᠤᠶᠤᠯ ᠤᠨ ᠢᠮᠠᠭᠲᠠ ᠶᠢᠨ ᠬᠠᠷᠢᠯᠴᠠᠭ᠎ᠠ ᠶᠠᠪᠤᠯᠴᠠᠭ᠎ᠠ ᠲᠠᠢ ᠪᠠᠢ᠌ᠭᠰᠠᠨ ᠪᠤᠯᠬᠤᠷ ᠲᠤᠤᠯᠢ ᠶᠢ ᠬᠠᠢ᠌ᠯᠠᠭᠴᠢ ᠮᠦᠷᠲᠡᠭᠡᠨ ᠬᠠᠳᠠᠭᠠᠯᠠᠭᠴᠢ ᠪᠤᠯᠤᠭᠰᠠᠨ ᠮᠠᠨᠠᠰᠴᠢ ᠪᠤᠯᠤᠨ ᠵᠠᠩ᠋ᠭᠠᠷᠴᠢ ᠶᠢᠨ ᠤᠷᠠᠯᠢᠭ ᠤᠨ ᠠᠮᠢᠳᠤᠷᠠᠯ᠂ ᠵᠤᠬᠢᠶᠠᠨ ᠪᠦᠲᠦᠭᠡᠯᠭᠡ ᠨᠢ ᠪᠦᠷ ᠦᠪᠡᠷ ᠦᠪᠡᠷ ᠦᠨ ᠦᠪᠡᠷᠮᠢᠴᠡ ᠣᠨᠴᠠᠯᠢᠭ ᠲᠠᠢ ᠪᠠᠢ᠌ᠳᠠᠭ ᠪᠤᠯᠪᠠᠴᠤ ᠪᠠᠰᠠ ᠶᠡᠬᠡ ᠣᠯᠠᠨ ᠬᠠᠮᠲᠤ ᠶᠢᠨ ᠣᠨᠴᠠᠯᠢᠭ ᠢ ᠬᠠᠳᠠᠭᠠᠯᠠᠵᠤ ᠪᠠᠢ᠌ᠳᠠᠭ ᠭᠡᠵᠡᠢ᠃ |