题名 |
ᠤᠷᠮ᠎ᠠ ᠰᠡᠳᠬᠢᠯᠭᠡ ᠶᠢᠨ ᠬᠢᠮᠢ ᠶᠢᠨ ᠵᠢᠭᠠᠨ ᠰᠤᠷᠭᠠᠯᠲᠠ ᠳᠤ ᠬᠢ ᠦᠢᠯᠡᠳᠦᠯ |
作者 |
ᠪᠠᠢ ᠴᠢᠩ ᠯᠦᠩ; ᠵᠠᠩ ᠴᠦᠨ ᠬᠤᠸᠠ |
关键词 |
ᠤᠷᠮ᠎ᠠ ᠰᠡᠳᠬᠢᠯᠭᠡ ᠶᠢᠨ ᠬᠦᠴᠦᠨ ᠵᠤᠢ᠌ᠯ; ᠬᠢᠮᠢ ᠶᠢᠨ ᠵᠢᠭᠠᠨ ᠰᠤᠷᠭᠠᠯᠲᠠ; ᠬᠦᠳᠡᠯᠭᠡᠭ᠍ᠴᠢ ᠬᠦᠴᠦᠨ |
摘要 |
ᠤᠷᠮ᠎ᠠ ᠰᠡᠳᠬᠢᠯᠭᠡ ᠶᠢᠨ ᠬᠦᠴᠦᠨ ᠵᠤᠢ᠌ᠯ ᠨᠢ ᠬᠢᠮᠢ ᠶᠢᠨ ᠰᠤᠷᠭᠠᠨ ᠬᠦᠮᠦᠵᠢᠯ ᠦᠨ ᠤᠶᠤᠨ ᠤ ᠬᠦᠴᠦᠨ ᠵᠤᠢ᠌ᠯ ᠪᠤᠯᠬᠤ ᠶᠢᠨ ᠬᠠᠮᠲᠤ᠂ ᠬᠢᠮᠢ ᠶᠢᠨ ᠰᠤᠷᠭᠠᠨ ᠬᠦᠮᠦᠵᠢᠯ ᠢ ᠨᠦᠯᠦᠭᠡᠯᠡᠬᠦ ᠬᠠᠮᠤᠭ ᠤᠨ ᠶᠡᠬᠡ ᠨᠢᠭᠡ ᠡᠯᠧᠮᠧᠨ᠋ᠲ ᠪᠤᠯᠤᠨ᠎ᠠ᠃ ᠲᠡᠷᠡ ᠨᠢ ᠰᠤᠷᠤᠭᠴᠢᠳ ᠤᠨ ᠰᠤᠷᠤᠯᠴᠠᠬᠤ ᠤᠭ ᠰᠠᠨᠠᠭ᠎ᠠ᠂ ᠣᠪᠤᠷ ᠰᠡᠳᠬᠢᠯᠭᠡ ᠪᠠᠢ᠌ᠵᠤ᠂ ᠰᠤᠷᠤᠯᠴᠠᠬᠤ ᠳᠤᠮᠳᠠ ᠰᠤᠷᠤᠭᠴᠢᠳ ᠤᠨ ᠪᠡᠶ᠎ᠡ ᠳᠦ ᠪᠡᠨ ᠢᠲᠡᠭᠡᠯ ᠲᠡᠢ ᠪᠤᠯᠬᠤ ᠳᠤᠬᠢᠶᠠᠯ ᠮᠦᠷᠲᠡᠭᠡᠨ ᠰᠤᠷᠤᠯᠴᠠᠯᠭ᠎ᠠ ᠶᠢᠨ ᠬᠦᠴᠢᠷᠳᠡᠯᠭᠡ ᠳᠤᠮᠳᠠᠬᠢ ᠰᠠᠨᠠᠭ᠎ᠠ ᠵᠤᠪᠠᠬᠤ ᠪᠠᠢ᠌ᠳᠠᠯ ᠤᠨ ᠢᠯᠡᠷᠡᠯ ᠮᠦᠨ᠃ ᠡᠭᠦᠨ ᠡᠴᠡ ᠭᠠᠳᠠᠨ᠎ᠠ᠂ ᠰᠡᠳᠬᠢᠯᠭᠡ ᠶᠢᠨ ᠬᠦᠴᠦᠨ ᠵᠤᠢ᠌ᠯ ᠨᠢ ᠪᠠᠭᠰᠢ ᠰᠤᠷᠤᠭᠴᠢᠳ ᠤᠨ ᠬᠤᠭᠤᠷᠤᠨᠳᠤᠬᠢ ᠡᠶ᠎ᠡ ᠨᠠᠢ᠌ᠷᠲᠠᠢ ᠬᠠᠷᠢᠴᠠᠭ᠎ᠠ ᠶᠢ ᠪᠠᠢ᠌ᠭᠤᠯᠬᠤ ᠳᠤ ᠦᠢᠯᠡᠳᠦᠯ ᠦᠵᠡᠭᠦᠯᠵᠦ᠂ ᠡᠨᠡ ᠨᠢ ᠪᠠᠭᠰᠢ ᠠᠴᠠ ᠰᠡᠳᠬᠢᠯᠭᠡ ᠶᠢᠨ ᠬᠦᠴᠦᠨ ᠵᠤᠢ᠌ᠯ ᠢ ᠠᠭᠢᠭᠤᠯᠬᠤ ᠳᠤ ᠢᠯᠡᠭᠦᠦ ᠬᠦᠴᠦ ᠲᠠᠯᠪᠢᠬᠤ ᠶᠢ ᠱᠠᠭᠠᠷᠳᠠᠵᠤ᠂ ᠤᠷᠲᠤ ᠬᠤᠭᠤᠴᠠᠭᠠᠨ ᠤ ᠪᠠᠭᠰᠢ ᠰᠤᠷᠤᠭᠴᠢᠳ ᠤᠨ ᠬᠠᠷᠢᠴᠠᠭ᠎ᠠ ᠠᠨᠠᠢ ᠪᠤᠯᠬᠤ ᠠᠴᠠ ᠪᠤᠯᠤᠭᠰᠠᠨ ᠠᠰᠢᠭ ᠦᠭᠡᠢ ᠲᠠᠯ᠎ᠠ ᠶᠢ ᠦᠭᠡᠷᠡᠴᠢᠯᠡᠵᠦ ᠳᠡᠢ᠌ᠯᠳᠡᠭ᠃ ᠵᠤᠬᠢᠶᠠᠯ ᠳᠤ ᠰᠡᠳᠬᠢᠯᠭᠡ ᠶᠢᠨ ᠬᠦᠴᠦᠨ ᠵᠤᠢ᠌ᠯ ᠤᠨ ᠦᠢᠯᠡᠳᠦᠯ ᠢ ᠡᠮᠬᠢᠳᠭᠡᠬᠦ ᠶᠢᠨ ᠬᠠᠮᠲᠤ᠂ ᠤᠷᠮ᠎ᠠ ᠰᠡᠳᠬᠢᠯᠭᠡ ᠶᠢᠨ ᠬᠦᠴᠦᠨ ᠵᠤᠢ᠌ᠯ ᠤᠨ ᠭᠤᠤᠯᠳᠠᠯᠭ᠎ᠠ ᠶᠢ ᠳᠤᠪᠤᠢ᠌ᠯᠭᠠᠬᠤ ᠲᠤᠬᠠᠢ ᠦᠭᠦᠯᠡᠭᠰᠡᠨ ᠪᠠᠢ᠌ᠨ᠎ᠠ᠃ |
原文 |
查看原文
|
出自 |
内蒙古民族大学学报(自然科学)
2013年
第2期
|