题名 |
ᠨᠡᠭᠦᠳᠡᠯᠯᠡᠨ ᠮᠠᠯᠵᠢᠬᠤ ᠠᠮᠢᠳᠤᠷᠠᠯ ᠤᠨ ᠠᠷᠭ᠎ᠠ ᠮᠠᠶᠢᠭ ᠤᠨ ᠲᠤᠬᠠᠢ ᠳᠦᠭᠦᠮ ᠦᠭᠦᠯᠡᠬᠦ ᠨᠢ |
作者 |
ᠸᠠᠩ ᠹᠦ᠋ ᠽᠢᠶᠠᠩ |
关键词 |
ᠨᠡᠭᠦᠳᠡᠯᠯᠡᠨ ᠮᠠᠯᠵᠢᠬᠤ; ᠠᠷᠭ᠎ᠠ ᠮᠠᠶᠢᠭ; ᠵᠤᠬᠢᠶᠠᠨ ᠪᠠᠢᠭᠤᠯᠤᠯᠲᠠ |
摘要 |
ᠨᠡᠭᠦᠳᠡᠯᠯᠡᠨ ᠮᠠᠯᠵᠢᠬᠤ ᠨᠢ ᠮᠠᠯᠵᠢᠯ ᠦᠢᠯᠡᠳᠪᠦᠷᠢᠯᠡᠯ ᠦᠨ ᠡᠪᠡᠰᠦ ᠪᠡᠯᠴᠢᠭᠡᠷ ᠦᠨ ᠪᠠᠢᠭᠠᠯᠢ ᠶᠢᠨ ᠨᠦᠬᠦᠴᠡᠯ ᠪᠤᠯᠤᠨ ᠠᠮᠢ ᠠᠬᠤᠢ ᠶᠢᠨ ᠣᠷᠴᠢᠨ ᠲᠤᠭᠤᠷᠢᠨ ᠳᠤ ᠲᠤᠬᠢᠷᠠᠯᠴᠠᠭᠰᠠᠨ᠂ ᠭᠡᠷ ᠪᠦᠯᠢ ᠶᠢᠨ ᠬᠡᠯᠪᠡᠷᠢ ᠮᠠᠶᠢᠭ ᠢᠶᠠᠷ ᠵᠤᠬᠢᠶᠠᠨ ᠪᠠᠢᠭᠤᠯᠤᠭᠰᠠᠨ ᠦᠢᠯᠡᠳᠪᠦᠷᠢᠯᠡᠯ ᠦᠨ ᠠᠷᠭ᠎ᠠ ᠮᠠᠶᠢᠭ ᠮᠦᠨ᠃ ᠲᠡᠷᠡ ᠨᠢ ᠣᠷᠴᠢᠨ ᠲᠤᠭᠤᠷᠢᠨ ᠢ ᠬᠠᠮᠠᠭᠠᠯᠠᠬᠤ ᠪᠤᠯᠤᠨ ᠲᠠᠯ᠎ᠠ ᠨᠤᠲᠤᠭ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠪᠠᠷ ᠬᠠᠷᠠᠯᠲᠠ ᠪᠠᠨ ᠪᠤᠯᠭᠠᠭᠰᠠᠨ ᠬᠠᠮᠤᠭ ᠤᠨ ᠲᠤᠬᠢᠷᠠᠮᠵᠢᠲᠠᠢ ᠰᠤᠩᠭᠤᠯᠲᠠ ᠶᠤᠮ᠃ ᠣᠲᠤᠷᠯᠠᠬᠤ ᠨᠢ ᠳᠠᠷᠤᠢ ᠡᠨᠡ ᠬᠦ ᠦᠢᠯᠡᠳᠪᠦᠷᠢᠯᠡᠬᠦ ᠠᠷᠭ᠎ᠠ ᠮᠠᠶᠢᠭ ᠤᠨ ᠢᠯᠡᠷᠡᠬᠦ ᠬᠡᠯᠪᠡᠷᠢ ᠪᠤᠯᠤᠨ᠎ᠠ᠃ ᠨᠡᠭᠦᠳᠡᠯᠯᠡᠨ ᠮᠠᠯᠵᠢᠬᠤ ᠠᠮᠢᠳᠤᠷᠠᠯ ᠤᠨ ᠠᠷᠭ᠎ᠠ ᠮᠠᠶᠢᠭ᠂ ᠮᠠᠯᠵᠢᠯ ᠤᠨ ᠲᠤᠷᠰᠢᠯᠭ᠎ᠠ᠂ ᠨᠡᠭᠦᠳᠡᠯᠯᠡᠨ ᠮᠠᠯᠵᠢᠬᠤ ᠵᠤᠬᠢᠶᠠᠨ ᠪᠠᠢᠭᠤᠯᠤᠯᠲᠠ ᠶᠢ ᠠᠮᠢ ᠠᠬᠤᠢ ᠶᠢᠨ ᠤᠬᠠᠭᠠᠨ ᠤ ᠡᠭᠦᠳᠡᠨ ᠡᠴᠡ ᠡᠭᠦᠰᠴᠦ ᠨᠡᠭᠦᠳᠡᠯᠯᠡᠨ ᠮᠠᠯᠵᠢᠬᠤ ᠠᠮᠢᠳᠤᠷᠠᠯ ᠤᠨ ᠠᠷᠭ᠎ᠠ ᠮᠠᠶᠢᠭ ᠤᠨ ᠬᠠᠢᠨ ᠰᠦᠪᠡᠭᠴᠢᠯᠡᠬᠦ ᠪᠤᠯ ᠲᠤᠢᠯ ᠤᠨ ᠴᠢᠬᠤᠯᠠ ᠪᠠᠢᠳᠠᠭ᠃ |
原文 |
没有原文
|
出自 |
蒙古学研究
2015年
第2期
|